ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠡᠳ᠋ ᠤᠨ ᠵᠠᠰᠠᠭ ᠠᠵᠤ ᠠᠬᠤᠶ ᠶᠢᠨ ᠵᠥᠪᠯᠡᠯ | | ︵2024 ᠣᠨ ᠤ 12 ᠰᠠᠷ᠎ᠠ︶ | | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠄ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ | ᠵᠥᠪᠯᠡᠯ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠬᠤ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠤᠨ ᠲᠥᠰᠦᠪ ᠤᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠥᠰᠦᠪ ᠢ ᠬᠢᠨᠠᠨ ᠪᠠᠶᠢᠴᠠᠭᠠᠵᠣ ᠬᠢᠨᠠᠯᠲᠠ ᠲᠠᠯᠪᠢᠬᠤ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠢ | ᠦᠨᠳᠦᠰᠦᠯᠡᠨ᠂ ᠮᠠᠨ ᠤ ᠬᠤᠰᠢᠭᠤᠨ ᠤ 2024 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ | ᠪᠠᠶᠢᠳᠠᠯ ᠬᠢᠭᠡᠳ 2025 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠢ ᠠᠩᠬ᠎ᠠ ᠠᠯᠬᠤᠮ ᠬᠢᠨᠠᠨ | ᠪᠠᠶᠢᠴᠠᠭᠠᠪᠠ᠂ ᠡᠳᠦᠭᠡ ᠳᠣᠣᠷᠠᠬᠢ ᠮᠡᠲᠦ ᠠᠩᠬ᠎ᠠ ᠠᠯᠬᠤᠮ ᠤᠨ ᠬᠢᠨᠠᠨ ᠪᠠᠶᠢᠴᠠᠭᠠᠭᠰᠠᠨ ᠰᠠᠨᠠᠯ ᠢ ᠳᠤᠷᠠᠳᠤᠶ᠎ᠠ᠄ | ᠨᠢᠭᠡ᠂ 2024 ᠣᠨ ᠤ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠢ | ᠬᠦᠢᠴᠡᠳᠬᠡᠭᠰᠡᠨ ᠪᠠᠶᠢᠳᠠᠯ ᠢ ᠠᠩᠬ᠎ᠠ ᠠᠯᠬᠤᠮ ᠬᠢᠨᠠᠨ ᠪᠠᠶᠢᠴᠠᠭᠠᠭᠰᠠᠨ ᠪᠠᠶᠢᠳᠠᠯ | ︵ᠨᠢᠭᠡ︶ 2024 ᠣᠨ ᠤ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠢ | ᠭᠦᠶᠴᠡᠳᠬᠡᠭᠰᠡᠨ ᠪᠠᠶᠢᠳᠠᠯ | 1. ᠡᠩ ᠤᠨ ᠣᠯᠠᠨ ᠨᠡᠶᠢᠳᠡ ᠶᠢᠨ ᠲᠥᠰᠦᠪ ᠢ ᠭᠦᠢᠴᠡᠳᠬᠡᠭᠰᠡᠨ ᠪᠠᠶᠢᠳᠠᠯ᠃ 2024 ᠣᠨ ᠤ ᠡᠩ ᠤᠨ | ᠣᠯᠠᠨ ᠨᠡᠶᠢᠳᠡ ᠶᠢᠨ ᠲᠥᠰᠦᠪ ᠤᠨ ᠣᠷᠣᠯᠭ᠎ᠠ 809313 ᠲᠦᠮᠡᠨ ᠲᠥᠭᠦᠷᠢᠭ᠂ ᠲᠥᠰᠦᠪ ᠤᠨ | ᠲᠣᠬᠢᠷᠠᠭᠤᠯᠤᠯᠲᠠ ᠶᠢᠨ 115% ᠶᠢ ᠪᠡᠶᠡᠯᠡᠭᠦᠯᠪᠡ᠃ ᠡᠭᠦᠨ ᠳᠤ᠄ ᠬᠤᠰᠢᠭᠤᠨ ᠤ ᠲᠣᠰ ᠱᠠᠲᠤᠨ ᠤ ᠡᠩ ᠤᠨ | ᠣᠯᠠᠨ ᠨᠡᠶᠢᠳᠡ ᠶᠢᠨ ᠲᠥᠰᠦᠪ ᠤᠨ ᠣᠷᠣᠯᠭ᠎ᠠ 99059 ᠲᠦᠮᠡᠨ ᠲᠥᠭᠦᠷᠢᠭ᠂ ᠲᠥᠰᠦᠪ ᠤᠨ ᠲᠣᠬᠢᠷᠠᠭᠤᠯᠤᠯᠲᠠ | ᠶᠢᠨ 89% ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 20080 ᠲᠦᠮᠡᠨ ᠲᠥᠭᠦᠷᠢᠭ ᠨᠡᠮᠡᠭᠳᠡᠵᠦ᠂ | 25% ᠪᠠᠷ ᠨᠡᠮᠡᠭᠳᠡᠪᠡ︔ ᠡᠩ ᠤᠨ ᠣᠯᠠᠨ ᠨᠡᠶᠢᠳᠡ ᠶᠢᠨ ᠲᠥᠰᠦᠪ ᠤᠨ ᠵᠠᠷᠤᠯᠭ᠎ᠠ 529070 ᠲᠦᠮᠡᠨ | ᠲᠥᠭᠦᠷᠢᠭ᠂ ᠲᠥᠰᠦᠪ ᠤᠨ ᠲᠣᠬᠢᠷᠠᠭᠤᠯᠤᠯᠲᠠ ᠶᠢᠨ 75% ᠶᠢ ᠪᠡᠶᠡᠯᠡᠬᠦᠯᠪᠡ᠂ ᠡᠭᠦᠨ ᠳᠤ᠄ ᠬᠤᠰᠢᠭᠤᠨ ᠤ ᠲᠣᠰ | ᠱᠠᠲᠤᠨ ᠤ ᠡᠩ ᠤᠨ ᠣᠯᠠᠨ ᠨᠡᠶᠢᠳᠡ ᠶᠢᠨ ᠲᠥᠰᠦᠪ ᠤᠨ ᠵᠠᠷᠤᠯᠭ᠎ᠠ 400054 ᠲᠦᠮᠡᠨ ᠲᠥᠭᠦᠷᠢᠭ᠂ ᠲᠥᠰᠦᠪ | ᠤᠨ ᠲᠣᠬᠢᠷᠠᠭᠤᠯᠤᠯᠲᠠ ᠶᠢᠨ 71% ᠶᠢ ᠪᠡᠶᠡᠯᠡᠬᠦᠯᠵᠣ᠂ ᠳᠡᠭᠡᠷ᠎ᠡ ᠵᠢᠯ ᠤᠨ ᠬᠢ ᠠᠴᠠ 35881 ᠲᠦᠮᠡᠨ | ᠲᠥᠭᠦᠷᠢᠭ ᠨᠡᠮᠡᠭᠳᠡᠵᠦ᠂ 9. 85% ᠪᠠᠷ ᠨᠡᠮᠡᠭᠳᠡᠪᠡ᠃ ᠣᠷᠣᠯᠭ᠎ᠠ ᠵᠠᠷᠤᠯᠭ᠎ᠠ ᠶᠢ ᠲᠤᠯᠭᠠᠵᠤ ᠪᠤᠳᠤᠪᠠᠯ᠂ ᠡᠩ ᠤᠨ | ᠣᠯᠠᠨ ᠨᠡᠶᠢᠳᠡ ᠶᠢᠨ ᠲᠥᠰᠦᠪ ᠤᠨ ᠵᠢᠯ ᠤᠨ ᠡᠴᠦᠰ ᠤᠨ ᠦᠯᠡᠳᠡᠪᠦᠷᠢ ᠨᠢ 280243 ᠲᠦᠮᠡᠨ ᠲᠥᠭᠦᠷᠢᠭ᠃ | 2. ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠢ ᠭᠦᠢᠴᠡᠳᠬᠡᠭᠰᠡᠨ ᠪᠠᠶᠢᠳᠠᠯ᠃ | 2024 ᠣᠨ ᠤ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ 54982 | ᠲᠦᠮᠡᠨ ᠲᠥᠭᠦᠷᠢᠭ᠂ ᠲᠥᠰᠦᠪ ᠤᠨ ᠲᠣᠬᠢᠷᠠᠭᠤᠯᠤᠯᠲᠠ ᠶᠢᠨ 95% ᠶᠢ ᠪᠡᠶᠡᠯᠡᠭᠦᠯᠪᠡ᠃ ᠡᠭᠦᠨ ᠳᠤ᠄ ᠬᠤᠰᠢᠭᠤᠨ | ᠤ ᠲᠣᠰ ᠱᠠᠲᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠦᠪ ᠤᠨ ᠣᠷᠣᠯᠭ᠎ᠠ | 25500 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 1917 ᠲᠦᠮᠡᠨ ᠲᠥᠭᠦᠷᠢᠭ ᠨᠡᠮᠡᠭᠳᠡᠵᠦ᠂ 8% | ᠪᠠᠷ ᠨᠡᠮᠡᠭᠳᠡᠪᠡ︔ ᠲᠦᠷᠦᠭᠦᠦ ᠵᠢᠯ ᠤᠨ ᠦᠯᠡᠳᠡᠪᠦᠷᠢ ᠣᠷᠣᠯᠭ᠎ᠠ 12103 ᠲᠥᠭᠦᠷᠢᠭ︔ ᠵᠢᠭᠡᠯᠡᠯᠭᠡ ᠶᠢᠨ | ᠲᠡᠮᠳᠡᠭᠲᠦ ᠶᠢ ᠰᠢᠯᠵᠢᠭᠦᠯᠦᠨ ᠵᠢᠭᠡᠯᠡᠭᠦᠯᠦᠭᠰᠡᠨ ᠣᠷᠣᠯᠭ᠎ᠠ 2849 ᠲᠦᠮᠡᠨ ᠲᠥᠭᠦᠷᠢᠭ᠂ ᠳᠡᠭᠡᠷ᠎ᠡ ᠱᠠᠲᠤᠨ ᠠᠴᠠ | ᠨᠥᠬᠦᠪᠥᠷᠢᠯᠡᠭᠰᠡᠨ ᠣᠷᠣᠯᠭ᠎ᠠ 14530 ᠲᠦᠮᠡᠨ ᠲᠥᠭᠦᠷᠢᠭ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ | ᠮᠥᠩᠭᠦ ᠶᠢᠨ ᠲᠥᠰᠦᠪ ᠤᠨ ᠵᠠᠷᠤᠯᠭ᠎ᠠ 39291 ᠲᠦᠮᠡᠨ ᠲᠥᠭᠦᠷᠢᠭ᠂ ᠲᠥᠰᠦᠪ ᠤᠨ ᠲᠣᠬᠢᠷᠠᠭᠤᠯᠤᠯᠲᠠ ᠶᠢᠨ | 68% ᠶᠢ ᠪᠡᠶᠡᠯᠡᠭᠦᠯᠪᠡ᠃ ᠡᠭᠦᠨ ᠳᠤ᠄ ᠬᠤᠰᠢᠭᠤᠨ ᠤ ᠲᠣᠰ ᠱᠠᠲᠤᠨ ᠤ ᠵᠠᠷᠤᠯᠭ᠎ᠠ 25656 ᠲᠦᠮᠡᠨ | ᠲᠥᠭᠦᠷᠢᠭ᠂ ᠰᠢᠯᠵᠢᠬᠦᠯᠦᠨ ᠣᠷᠣᠭᠤᠯᠣᠭᠰᠠᠨ ᠡᠩ ᠤᠨ ᠣᠯᠠᠨ ᠨᠡᠶᠢᠳᠡ ᠶᠢᠨ ᠲᠥᠰᠦᠪ ᠤᠨ ᠪᠡᠯᠡ ᠮᠥᠩᠭᠦ | 13635 ᠲᠦᠮᠡᠨ ᠲᠥᠭᠦᠷᠢᠭ᠃ ᠣᠷᠣᠯᠭ᠎ᠠ ᠵᠠᠷᠤᠯᠭ᠎ᠠ ᠶᠢ ᠲᠤᠯᠭᠠᠵᠤ ᠪᠤᠳᠤᠪᠠᠯ᠂ ᠵᠠᠰᠠᠭ ᠤᠨ ᠣᠷᠳᠣᠨ ᠤ | ᠴᠢᠨᠠᠷᠲᠠᠶ ᠰᠠᠭᠤᠷᠢ ᠮᠥᠩᠭᠦ ᠶᠢᠨ ᠵᠢᠯ ᠤᠨ ᠡᠴᠦᠰ ᠤᠨ ᠦᠯᠡᠳᠡᠪᠦᠷᠢ 15691 ᠲᠦᠮᠡᠨ ᠲᠥᠭᠦᠷᠢᠭ᠃ | 3. ᠤᠯᠤᠰ ᠤᠨ ᠦᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠦᠪ ᠢ ᠭᠦᠢᠴᠡᠳᠬᠡᠭᠰᠡᠨ ᠪᠠᠶᠢᠳᠠᠯ᠃ | ᠤᠯᠤᠰ ᠤᠨ ᠦᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ 1455 ᠲᠦᠮᠡᠨ | ᠲᠥᠭᠦᠷᠢᠭ᠂ ᠲᠥᠰᠦᠪ ᠤᠨ ᠲᠣᠬᠢᠷᠠᠭᠤᠯᠤᠯᠲᠠ ᠶᠢ 100% ᠪᠠᠷ ᠪᠡᠶᠡᠯᠡᠭᠦᠯᠪᠡ᠃ ᠡᠭᠦᠨ ᠳᠤ ᠳᠡᠭᠡᠳᠦ ᠱᠠᠲᠤᠨ | ᠠᠴᠠ ᠨᠦᠬᠦᠪᠦᠷᠢᠯᠡᠭᠰᠡᠨ ᠣᠷᠣᠯᠭ᠎ᠠ 9 ᠲᠦᠮᠡᠨ ᠲᠥᠭᠦᠷᠢᠭ᠂ ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ | ᠣᠷᠣᠯᠭ᠎ᠠ 1446 ᠲᠦᠮᠡᠨ ᠲᠥᠭᠦᠷᠢᠭ᠃ ᠤᠯᠤᠰ ᠤᠨ ᠦᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ | ᠲᠥᠰᠦᠪ ᠤᠨ ᠵᠠᠷᠤᠯᠭ᠎ᠠ 460 ᠲᠦᠮᠡᠨ ᠲᠥᠭᠦᠷᠢᠭ᠂ ᠲᠥᠰᠦᠪ ᠤᠨ ᠲᠣᠬᠢᠷᠠᠭᠤᠯᠤᠯᠲᠠ ᠶᠢᠨ 98% ᠶᠢ | ᠪᠡᠶᠡᠯᠡᠭᠦᠯᠪᠡ᠃ ᠡᠭᠦᠨ ᠳᠤ᠄ ᠬᠤᠰᠢᠭᠤᠨ ᠤ ᠲᠣᠰ ᠱᠠᠲᠤᠨ ᠤ ᠵᠠᠷᠤᠯᠭ᠎ᠠ 456 ᠲᠦᠮᠡᠨ ᠲᠥᠭᠦᠷᠢᠭ᠂ | ᠰᠢᠯᠵᠢᠬᠦᠯᠦᠨ ᠣᠷᠣᠭᠤᠯᠣᠭᠰᠠᠨ ᠡᠩ ᠤᠨ ᠣᠯᠠᠨ ᠨᠡᠶᠢᠲᠡ ᠶᠢᠨ ᠲᠥᠰᠦᠪ ᠤᠨ ᠪᠠᠯᠠ ᠮᠥᠩᠭᠦ 4 ᠲᠦᠮᠡᠨ | ᠲᠥᠭᠦᠷᠢᠭ᠃ ᠣᠷᠣᠯᠭ᠎ᠠ ᠵᠠᠷᠤᠯᠭ᠎ᠠ ᠶᠢ ᠲᠤᠯᠭᠠᠵᠤ ᠪᠤᠳᠤᠪᠠᠯ᠂ ᠤᠯᠤᠰ ᠤᠨ ᠦᠮᠴᠢᠯᠡᠯ ᠤᠨ ᠬᠥᠷᠥᠩᠭᠡ ᠶᠢᠨ | ᠡᠵᠡᠩᠨᠡᠯᠲᠡ ᠶᠢᠨ ᠲᠥᠰᠦᠪ ᠤᠨ ᠵᠢᠯ ᠤᠨ ᠡᠴᠦᠰ ᠤᠨ ᠦᠯᠡᠳᠡᠪᠦᠷᠢ 995 ᠲᠦᠮᠡᠨ ᠲᠥᠭᠦᠷᠢᠭ᠃ | 4. ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠢ ᠭᠦᠢᠴᠡᠳᠬᠡᠭᠰᠡᠨ ᠪᠠᠶᠢᠳᠠᠯ᠃ | ᠨᠡᠶᠢᠬᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ 38945 ᠲᠦᠮᠡᠨ ᠲᠥᠭᠦᠷᠢᠭ᠂ | ᠲᠥᠰᠦᠪ ᠤᠨ ᠲᠣᠬᠢᠷᠠᠭᠤᠯᠤᠯᠲᠠ ᠶᠢ 100% ᠪᠠᠷ ᠪᠡᠶᠡᠯᠡᠭᠦᠯᠪᠡ᠃ ᠨᠡᠶᠢᠬᠡᠮ ᠤᠨ ᠳᠠᠭᠠᠳᠬᠠᠯ ᠤᠨ ᠰᠠᠭᠤᠷᠢ | ᠮᠥᠩᠭᠦ ᠶᠢᠨ ᠲᠥᠰᠦᠪ ᠤᠨ ᠵᠠᠷᠤᠯᠭ᠎ᠠ 38945 ᠲᠦᠮᠡᠨ ᠲᠥᠭᠦᠷᠢᠭ᠂ ᠲᠥᠰᠦᠪ ᠤᠨ ᠲᠣᠬᠢᠷᠠᠭᠤᠯᠤᠯᠲᠠ ᠶᠢᠨ | 100% ᠶᠢ ᠪᠡᠶᠡᠯᠡᠭᠦᠯᠪᠡ᠃ ᠣᠷᠣᠯᠭ᠎ᠠ ᠵᠠᠷᠤᠯᠭ᠎ᠠ ᠶᠢ ᠲᠤᠯᠭᠠᠵᠤ ᠪᠤᠳᠤᠪᠠᠯ᠂ ᠨᠡᠶᠢᠭᠡᠮ ᠤᠨ ᠳᠠᠭᠠᠳᠬᠠᠯ ᠤᠨ | ᠰᠠᠭᠤᠷᠢ ᠮᠥᠩᠭᠦᠨ ᠤ ᠲᠥᠰᠦᠪ ᠨᠢ ᠵᠢᠯ ᠤᠨ ᠡᠴᠦᠰ ᠲᠤ ᠦᠯᠡᠳᠡᠪᠦᠷᠢ ᠦᠭᠡᠢ᠃ | 5. ᠵᠠᠰᠠᠭ ᠤᠨ ᠣᠷᠳᠣᠨ ᠤ ᠥᠷᠢ ᠦᠭᠴᠡᠬᠡᠨ ᠤ ᠪᠠᠶᠢᠳᠠᠯ᠃ 11 ᠰᠠᠷ᠎ᠠ ᠪᠣᠯᠲᠠᠯ᠎ᠠ᠂ ᠬᠢᠵᠠᠭᠠᠷ ᠤᠨ | ᠳᠣᠳᠣᠷᠠᠬᠢ ᠵᠠᠰᠠᠭ ᠤᠨ ᠣᠷᠳᠣᠨ ᠤ ᠥᠷᠢ ᠥᠭᠴᠡᠭᠡ ᠶᠢᠨ ᠦᠯᠡᠳᠡᠪᠦᠷᠢ 759370 ᠲᠦᠮᠡᠨ ᠲᠥᠭᠦᠷᠢᠭ ᠪᠠᠶᠢᠵᠣ | ᠂ ᠡᠭᠦᠨ ᠳᠤ᠄ ᠡᠩ ᠤᠨ ᠵᠢᠭᠡᠯᠡᠯᠭᠡ ᠶᠢᠨ ᠲᠡᠮᠳᠡᠭᠲᠦ 489958 ᠲᠦᠮᠡᠨ ᠲᠥᠭᠦᠷᠢᠭ᠂ ᠲᠤᠰᠬᠠᠢ ᠲᠥᠷᠥᠯ ᠤᠨ | ᠵᠢᠭᠡᠯᠡᠯᠭᠡ ᠶᠢᠨ ᠲᠡᠮᠳᠡᠭᠲᠦ 269412 ᠲᠦᠮᠡᠨ ᠲᠥᠭᠦᠷᠢᠭ᠃ 2024 ᠣᠨ ᠳᠤ ᠰᠢᠨ᠎ᠡ ᠪᠠᠷ ᠨᠡᠮᠡᠭᠳᠡᠭᠰᠡᠨ | ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ 7651 ᠲᠦᠮᠡᠨ ᠲᠥᠭᠦᠷᠢᠭ ︵ᠡᠭᠦᠨ | ᠳᠤ ᠡᠩ ᠤᠨ ᠵᠢᠭᠡᠯᠡᠯᠭᠡ ᠶᠢᠨ ᠲᠡᠮᠳᠡᠭᠲᠦ 4802 ᠲᠦᠮᠡᠨ ᠲᠥᠭᠦᠷᠢᠭ᠂ ᠲᠤᠰᠬᠠᠶ ᠵᠦᠶᠯ ᠤᠨ ᠵᠢᠭᠡᠯᠡᠯᠭᠡ ᠶᠢᠨ | ᠲᠡᠮᠳᠡᠭᠲᠦ 2849 ᠲᠦᠮᠡᠨ ᠲᠥᠭᠦᠷᠢᠭ ᠪᠣᠶ︶᠃ | ︵ᠬᠤᠶᠠᠷ︶ 2024 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠳᠤ ᠣᠷᠣᠰᠢᠵᠤ ᠪᠠᠶᠢᠭ᠎ᠠ | ᠠᠰᠠᠭᠤᠳᠠᠯ᠃ ᠲᠥᠰᠦᠪ ᠢ ᠭᠦᠢᠴᠡᠳᠬᠡᠭᠰᠡᠨ ᠪᠠᠶᠢᠳᠠᠯ ᠤᠨ ᠮᠡᠳᠡᠭᠦᠯᠦᠯᠲᠡ ᠨᠢ ᠪᠦᠷᠢᠨ ᠪᠤᠰᠤ ᠪᠠᠶᠢᠵᠤ᠂ | ᠭᠦᠢᠴᠡᠳᠬᠡᠭᠰᠡᠨ ᠮᠡᠳᠡᠭᠦᠯᠦᠯᠲᠡ ᠶᠢ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠃ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾ ᠶᠢᠨ ᠲᠠᠪᠢᠨ ᠳᠣᠯᠣᠳᠤᠭᠠᠷ ᠵᠦᠢᠯ ᠤᠨ ︽ᠡᠯ᠎ᠡ ᠱᠠᠲᠤᠨ | ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠲᠥᠰᠦᠪ ᠤᠨ ᠵᠠᠷᠤᠯᠭ᠎ᠠ ᠶᠢᠨ ᠪᠠᠶᠢᠳᠠᠯ ᠳᠤ | ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠬᠡᠷᠡᠭᠲᠡᠶ︾ ᠭᠡᠰᠡᠨ ᠲᠣᠭᠲᠠᠭᠠᠯ ᠢ ᠦᠨᠳᠦᠰᠦᠯᠡᠨ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠳᠦᠷᠢᠮ︾ | ᠤᠨ ᠬᠤᠷᠢᠨ ᠲᠠᠪᠤᠳᠤᠭᠠᠷ ᠵᠦᠢᠯ ᠤᠨ ᠱᠠᠭᠠᠷᠳᠠᠯᠭ᠎ᠠ ᠶᠣᠰᠣᠭᠠᠷ᠂ ᠡᠩ ᠤᠨ ᠣᠯᠠᠨ ᠨᠡᠶᠢᠲᠡ ᠶᠢᠨ ᠲᠥᠰᠦᠪ ᠤᠨ | ᠵᠠᠷᠤᠯᠭ᠎ᠠ ᠶᠢᠨ ᠴᠢᠳᠠᠮᠵᠢ ᠶᠢᠨ ᠲᠥᠷᠥᠯ ᠤᠨ ᠵᠠᠷᠤᠯᠭ᠎ᠠ ᠶᠢᠨ ᠲᠠᠯ᠎ᠠ ᠪᠠᠷ ᠭᠤᠣᠯᠳᠠᠯᠭ᠎ᠠ ᠲᠠᠢ ᠵᠠᠷᠤᠯᠭ᠎ᠠ ᠪᠣᠯᠤᠨ | ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠪᠠᠶᠢᠳᠠᠯ ᠢ | ᠨᠥᠬᠦᠪᠥᠷᠢᠯᠡᠬᠦ ᠬᠡᠷᠡᠭᠲᠡᠶ᠃ | ᠬᠤᠶᠠᠷ᠂ 2025 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠢ ᠠᠩᠬ᠎ᠠ ᠠᠯᠬᠤᠮ ᠬᠢᠨᠠᠨ | ᠪᠠᠶᠢᠴᠠᠭᠠᠭᠰᠠᠨ ᠪᠠᠶᠢᠳᠠᠯ | ︵ᠨᠢᠭᠡ︶ 2025 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠤᠨ ᠲᠣᠬᠢᠷᠠᠭᠤᠯᠤᠯᠲᠠ | 1. ᠡᠩ ᠤᠨ ᠣᠯᠠᠨ ᠨᠡᠢᠲᠡ ᠶᠢᠨ ᠲᠥᠰᠦᠪ ᠤᠨ ᠲᠣᠬᠢᠷᠠᠭᠤᠯᠤᠯᠲᠠ᠃ ᠡᠩ ᠤᠨ ᠣᠯᠠᠨ ᠨᠡᠢᠲᠡ ᠶᠢᠨ | ᠲᠥᠰᠦᠪ ᠤᠨ ᠣᠷᠣᠯᠭ᠎ᠠ ᠶᠢ 650554 ᠲᠦᠮᠡᠨ ᠲᠥᠭᠦᠷᠢᠭ ᠳᠣᠬᠢᠷᠠᠭᠤᠯᠪᠠ᠃ ᠡᠭᠦᠨ ᠳᠤ᠄ ᠬᠤᠰᠢᠭᠤᠨ ᠤ | ᠲᠣᠰ ᠱᠠᠲᠤᠨ ᠤ ᠡᠩ ᠤᠨ ᠣᠯᠠᠨ ᠨᠡᠶᠢᠳᠡ ᠶᠢᠨ ᠲᠥᠰᠦᠪ ᠤᠨ ᠣᠷᠣᠯᠭ᠎ᠠ 78166 ᠲᠦᠮᠡᠨ ᠲᠥᠭᠦᠷᠢᠭ᠂ | ᠳᠡᠭᠡᠷ᠎ᠡ ᠵᠢᠯ ᠤᠨ ᠬᠢ ᠠᠴᠠ 21% ᠬᠠᠰᠣᠭᠳᠠᠪᠠ᠃ ᠬᠤᠰᠢᠭᠤᠨ ᠤ ᠡᠩ ᠤᠨ ᠣᠯᠠᠨ ᠨᠡᠶᠢᠳᠡ ᠶᠢᠨ ᠲᠥᠰᠦᠪ | ᠤᠨ ᠵᠠᠷᠤᠯᠭ᠎ᠠ ᠶᠢ 650554 ᠲᠦᠮᠡᠨ ᠲᠥᠭᠦᠷᠢᠭ ᠳᠣᠬᠢᠷᠠᠭᠤᠯᠪᠠ᠃ ᠡᠭᠦᠨ ᠳᠤ᠄ ᠬᠤᠰᠢᠭᠤᠨ ᠤ ᠲᠣᠰ ᠱᠠᠲᠤᠨ | ᠤ ᠵᠠᠷᠤᠯᠭ᠎ᠠ ᠶᠢᠨ ᠲᠥᠰᠦᠪ 631836 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 57.94 % | ᠨᠡᠮᠡᠭᠳᠡᠬᠦᠯᠪᠡ᠃ | 2. ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠲᠣᠬᠢᠷᠠᠭᠤᠯᠤᠯᠲᠠ᠃ ᠵᠠᠰᠠᠭ | ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠶᠢ 54663 ᠲᠦᠮᠡᠨ ᠲᠥᠭᠦᠷᠢᠭ | ᠳᠣᠬᠢᠷᠠᠭᠤᠯᠪᠠ᠃ ᠡᠭᠦᠨ ᠳᠤ᠄ ᠬᠤᠰᠢᠭᠤᠨ ᠤ ᠲᠣᠰ ᠱᠠᠲᠤᠨ ᠤ ᠰᠠᠭᠤᠷᠢ ᠮᠥᠩᠭᠦᠨ ᠤ ᠣᠷᠣᠯᠭ᠎ᠠ 38000 | ᠲᠦᠮᠡᠨ ᠲᠥᠭᠦᠷᠢᠭ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ ᠶᠢ | 54663 ᠲᠦᠮᠡᠨ ᠲᠥᠭᠦᠷᠢᠭ ᠳᠣᠬᠢᠷᠠᠭᠤᠯᠪᠠ᠃ ᠡᠭᠦᠨ ᠳᠤ᠄ ᠬᠤᠰᠢᠭᠤᠨ ᠤ ᠲᠣᠰ ᠱᠠᠲᠤᠨ ᠤ ᠵᠠᠰᠠᠭ ᠤᠨ | ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠵᠠᠷᠤᠯᠭ᠎ᠠ 30274 ᠲᠦᠮᠡᠨ ᠲᠥᠭᠦᠷᠢᠭ᠂ ᠬᠢᠵᠢᠭ ᠲᠠᠢ ᠲᠡᠮᠡᠴᠡᠬᠦ | ᠣᠨᠴᠠᠭᠠᠶ ᠤᠯᠤᠰ ᠤᠨ ᠵᠢᠭᠡᠯᠡᠯᠭᠡ ᠶᠢᠨ ᠡᠬᠡ ᠮᠥᠩᠭᠦ ᠶᠢ ᠪᠤᠴᠠᠭᠠᠬᠤ ᠵᠠᠷᠤᠯᠭ᠎ᠠ 2584 ᠲᠦᠮᠡᠨ ᠲᠥᠭᠦᠷᠢᠭ᠂ | ᠰᠢᠯᠵᠢᠭᠦᠯᠦᠨ ᠭᠠᠷᠭᠠᠭᠰᠠᠨ ᠪᠠᠯᠠ ᠮᠥᠩᠭᠦ 21805 ᠲᠦᠮᠡᠨ ᠲᠥᠭᠦᠷᠢᠭ᠃ | 3. ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠲᠤᠬᠢᠷᠠᠭᠤᠯᠤᠯᠳᠠ᠃ | ᠤᠯᠤᠰ ᠤᠨ ᠦᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠶᠢ 8204 ᠲᠦᠮᠡᠨ | ᠲᠥᠭᠦᠷᠢᠭ ᠳᠣᠬᠢᠷᠠᠭᠤᠯᠪᠠ᠃ ᠤᠯᠤᠰ ᠤᠨ ᠦᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ | ᠵᠠᠷᠤᠯᠭ᠎ᠠ ᠶᠢ 8204 ᠲᠦᠮᠡᠨ ᠲᠥᠭᠦᠷᠢᠭ ᠳᠣᠬᠢᠷᠠᠭᠤᠯᠪᠠ᠃ | 4. ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠲᠣᠬᠢᠷᠠᠭᠤᠯᠤᠯᠲᠠ᠃ ᠨᠡᠶᠢᠬᠡᠮ ᠤᠨ | ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠶᠢ 41164 ᠲᠦᠮᠡᠨ ᠲᠥᠭᠦᠷᠢᠭ ᠢᠶᠠᠷ | ᠳᠣᠬᠢᠷᠠᠭᠤᠯᠪᠠ᠃ ᠨᠡᠢᠭᠡᠮ ᠤᠨ ᠳᠠᠭᠠᠳᠬᠠᠯ ᠤᠨ ᠲᠥᠰᠦᠪ ᠤᠨ ᠵᠠᠷᠤᠯᠭ᠎ᠠ ᠶᠢ 41164 ᠲᠦᠮᠡᠨ ᠲᠥᠭᠦᠷᠢᠭ ᠢᠶᠠᠷ | ᠳᠣᠬᠢᠷᠠᠭᠤᠯᠪᠠ᠃ | ︵ᠬᠤᠶᠠᠷ︶ 2025 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠲᠤ ᠣᠷᠣᠰᠢᠵᠤ ᠪᠠᠶᠢᠭ᠎ᠠ | ᠠᠰᠠᠭᠤᠳᠠᠯ | ᠨᠢᠭᠡ ᠳᠤ ᠲᠣᠰ ᠱᠠᠲᠤᠨ ᠤ ᠡᠩ ᠤᠨ ᠣᠯᠠᠨ ᠨᠡᠶᠢᠳᠡ ᠶᠢᠨ ᠲᠥᠰᠦᠪ ᠤᠨ ᠵᠠᠷᠤᠯᠭ᠎ᠠ ᠶᠢᠨ ᠲᠥᠰᠦᠪ ᠤᠨ | ᠬᠦᠰᠦᠨᠦᠭᠲᠦ ᠳᠠᠬᠢ ᠪᠤᠰᠤᠳ ᠵᠠᠷᠤᠯᠭ᠎ᠠ 12087 ᠲᠦᠮᠡᠨ ᠲᠥᠭᠦᠷᠢᠭ ᠲᠤ ᠲᠣᠳᠣᠷᠬᠠᠶᠢᠯᠠᠯᠲᠠ ᠬᠢᠨ᠎ᠡ᠃ ᠬᠤᠶᠠᠷ | ᠲᠤ ᠲᠤᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ ᠳᠣᠬᠢᠷᠠᠭᠤᠯᠣᠯᠳᠠ ᠳᠠᠬᠢ | ᠨᠡᠶᠢᠭᠡᠮ ᠤᠨ ᠪᠠᠲᠤᠯᠠᠭ᠎ᠠ ᠶᠢᠨ ᠲᠠᠰᠤᠭ ᠤᠨ ᠪᠠᠶᠢᠭᠤᠯᠣᠯᠭ᠎ᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ | ᠠᠵᠢᠯ ᠮᠡᠷᠭᠡᠵᠢᠯ ᠤᠨ ᠨᠦᠬᠦᠪᠦᠷᠢ ᠳᠠᠭᠠᠳᠬᠠᠯ ᠤᠨ ᠵᠣᠭᠤᠰ ᠤᠨ ᠡᠮᠦᠨᠡᠬᠢ ᠵᠢᠯ ᠳᠤ ᠳᠠᠪᠬᠤᠷᠳᠠᠭᠤᠯᠤᠨ | ᠲᠤᠰᠢᠶᠠᠭᠰᠠᠨ ᠵᠠᠷᠤᠳᠠᠯ ᠢ ᠪᠤᠴᠠᠭᠠᠬᠤ ᠪᠡᠯᠡ ᠮᠥᠩᠭᠦ 6000 ᠲᠦᠮᠡᠨ ᠲᠥᠭᠦᠷᠢᠭ ᠲᠤ ᠲᠣᠳᠣᠷᠬᠠᠶᠢᠯᠠᠯᠲᠠ ᠬᠢᠨ᠎ᠡ᠃ | ᠭᠤᠷᠪᠠ ᠳᠤ 2025 ᠣᠨ ᠤ ᠲᠥᠰᠦᠪ ᠤᠨ ᠣᠷᠣᠯᠭ᠎ᠠ ᠳᠠᠬᠢ 2024 ᠣᠨ ᠤ ᠲᠥᠰᠦᠪ ᠤᠨ ᠭᠦᠶᠴᠡᠳᠬᠡᠯ | ᠲᠤᠭ᠎ᠠ ᠲᠠᠢ ᠬᠠᠷᠢᠴᠠᠭᠤᠯᠣᠭᠠᠳ ᠬᠠᠰᠤᠭᠳᠠᠭᠰᠠᠨ ᠬᠠᠷᠢᠴᠠᠯ ᠢᠶᠠᠷ ᠬᠡᠳᠦᠷᠬᠡᠢ ᠶᠡᠭᠡ ᠵᠣᠭᠤᠰᠣᠨ ᠤ ᠵᠦᠶᠯ ᠤᠨ | ᠰᠢᠯᠳᠠᠭᠠᠨ ᠢ ᠳᠣᠳᠣᠷᠬᠠᠶᠢᠯᠠᠬᠤ᠄ ᠵᠠᠰᠠᠭ ᠵᠠᠬᠢᠷᠭᠠᠨ ᠤ ᠠᠵᠢᠯ ᠦᠶᠯᠡᠰ ᠤᠨ ᠴᠢᠨᠠᠷᠲᠠᠶ ᠰᠦᠶᠳᠬᠡᠯ ᠬᠤᠷᠢᠶᠠᠭᠰᠠᠨ | ᠣᠷᠣᠯᠭ᠎ᠠ ᠶᠢᠨ 2025 ᠣᠨ ᠤ ᠲᠥᠰᠦᠪ ᠤᠨ ᠲᠤᠭ᠎ᠠ ᠶᠢ 2024 ᠣᠨ ᠤ ᠳᠦᠰᠦᠪ ᠤᠨ ᠬᠦᠢᠴᠡᠳᠬᠡᠯ ᠳᠤᠭ᠎ᠠ | ᠲᠠᠢ ᠬᠠᠷᠢᠴᠠᠭᠤᠯᠪᠠᠯ 2466 ᠲᠦᠮᠡᠨ ᠲᠥᠭᠦᠷᠢᠭ ᠬᠠᠰᠣᠭᠳᠠᠭᠰᠠᠨ᠂ ᠳᠣᠷᠭᠠᠭᠤᠯᠢ ᠶᠢᠨ ᠣᠷᠣᠯᠭ᠎ᠠ ᠶᠢᠨ 2025 | ᠣᠨ ᠤ ᠲᠥᠰᠦᠪ ᠤᠨ ᠳᠤᠭ᠎ᠠ ᠶᠢ 2024 ᠣᠨ ᠤ ᠳᠦᠰᠦᠪ ᠤᠨ ᠭᠦᠶᠴᠡᠳᠬᠡᠯ ᠲᠤᠭ᠎ᠠ ᠲᠠᠢ ᠬᠠᠷᠢᠴᠠᠭᠤᠯᠪᠠᠯ | 6280 ᠲᠦᠮᠡᠨ ᠲᠥᠭᠦᠷᠢᠭ ᠨᠡᠮᠡᠭᠳᠡᠭᠰᠡᠨ᠂ ᠤᠯᠤᠰ ᠤᠨ ᠥᠮᠴᠢᠯᠡᠯ ᠤᠨ ᠡᠬᠢ ᠪᠠᠶᠠᠯᠢᠭ ︵ᠡᠳ᠋ ᠬᠥᠷᠥᠩᠭᠡ︶ ᠤᠨ | ᠲᠥᠯᠥᠪᠦᠷᠢ ᠲᠠᠢ ᠬᠡᠷᠡᠭᠯᠡᠬᠦ ᠣᠷᠣᠯᠭ᠎ᠠ ᠶᠢᠨ 2025 ᠣᠨ ᠤ ᠲᠥᠰᠦᠪ ᠤᠨ ᠲᠤᠭ᠎ᠠ ᠶᠢ 2024 ᠣᠨ ᠤ | ᠬᠦᠢᠴᠡᠳᠬᠡᠯ ᠳᠤᠭ᠎ᠠ ᠲᠠᠢ ᠬᠠᠷᠢᠴᠠᠭᠤᠯᠪᠠᠯ 12962 ᠲᠦᠮᠡᠨ ᠲᠥᠭᠦᠷᠢᠭ ᠬᠠᠰᠣᠭᠳᠠᠭᠰᠠᠨ᠂ ᠪᠤᠰᠤᠳ ᠣᠷᠣᠯᠭ᠎ᠠ | ᠶᠢᠨ 2025 ᠣᠨ ᠤ ᠲᠥᠰᠦᠪ ᠤᠨ ᠳᠤᠭ᠎ᠠ ᠶᠢ 2024 ᠣᠨ ᠤ ᠳᠦᠰᠦᠪ ᠤᠨ ᠬᠦᠢᠴᠡᠳᠬᠡᠯ ᠳᠤᠭ᠎ᠠ ᠲᠠᠢ | ᠬᠠᠷᠢᠴᠠᠭᠤᠯᠪᠠᠯ 10849 ᠲᠦᠮᠡᠨ ᠲᠥᠭᠦᠷᠢᠭ ᠬᠠᠰᠣᠭᠳᠠᠭᠰᠠᠨ᠃ ᠳᠥᠷᠪᠡ ᠳᠤ ᠲᠣᠰ ᠱᠠᠲᠤᠨ ᠤ ᠡᠩ ᠤᠨ | ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ ᠳᠣᠬᠢᠷᠠᠭᠤᠯᠣᠯᠳᠠ ᠳᠠᠬᠢ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠳᠠᠰᠤᠭ ᠤᠨ ᠬᠡᠰᠢᠭᠲᠡᠨ ᠬᠤᠰᠢᠭᠤᠨ ᠤ ᠲᠠᠷᠢᠶᠠᠯᠠᠩ ᠣᠶ ᠰᠢᠭᠤᠶ ᠡᠯᠡᠰᠦ ᠶᠢᠨ | ᠠᠵᠤ ᠦᠶᠯᠡᠰ ᠢ ᠠᠭᠤᠰᠣᠯᠴᠠᠭᠤᠯᠣᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ | ᠳᠠᠩᠰᠠᠯᠠᠭᠤᠯᠤᠭᠰᠠᠨ ᠬᠥᠷᠥᠩᠭᠡ ᠮᠥᠩᠭᠦ 5482.45 ᠲᠦᠮᠡᠨ ᠲᠥᠭᠦᠷᠢᠭ ᠳᠤ ᠲᠣᠳᠣᠷᠬᠠᠶᠢᠯᠠᠯᠲᠠ ᠬᠢᠨ᠎ᠡ᠃ | ᠦᠨᠡᠯᠡᠨ ᠵᠢᠱᠢᠬᠦ ᠳᠤ ᠣᠷᠣᠭᠤᠯᠤᠭᠰᠠᠨ ᠡᠳ᠋ ᠬᠥᠷᠥᠩᠭᠡ ᠶᠢᠨ ᠴᠢᠬᠤᠯᠠ ᠴᠢᠨᠠᠷ᠂ ᠪᠣᠯᠤᠮᠵᠢᠲᠤ ᠴᠢᠨᠠᠷ ᠪᠠ ᠵᠢᠱᠢᠭᠰᠡᠨ | ᠦᠷ᠎ᠡ ᠪᠦᠲᠦᠮᠵᠢ ᠵᠡᠷᠭᠡ ᠬᠠᠮᠢᠶ᠎ᠠ ᠪᠥᠬᠦᠶ ᠳᠡᠮᠵᠢᠯᠭᠡ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠬᠠᠩᠭᠠᠨ᠎ᠠ᠃ ᠲᠠᠪᠤ ᠳᠤ | ᠬᠡᠰᠢᠭᠲᠡᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠡᠶᠢᠭᠡᠮ ᠤᠨ ᠠᠰᠠᠷᠠᠮᠵᠢ ᠳᠤ ᠬᠡᠷᠡᠭᠯᠡᠬᠦ | ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠵᠠᠷᠤᠯᠭ᠎ᠠ ᠶᠢᠨ ᠬᠡᠷ ᠪᠠᠶᠢᠰᠢᠩ | ᠬᠤᠳᠠᠯᠳᠤᠨ ᠠᠪᠴᠤ ᠪᠠᠷᠢᠬᠤ 300 ᠲᠦᠮᠡᠨ ᠲᠥᠭᠦᠷᠢᠭ ᠲᠤ ᠭᠤᠶᠤᠴᠢᠯᠠᠯ ᠤᠨ ᠪᠢᠴᠢᠭ ᠮᠠᠲ᠋ᠧᠷᠢᠶᠠᠯ ᠬᠠᠩᠭᠠᠬᠤ | ᠶᠢᠨ ᠬᠠᠮᠲᠤ ᠲᠣᠳᠣᠷᠬᠠᠶᠢᠯᠠᠯᠲᠠ ᠬᠢᠨ᠎ᠠ᠃ | ᠭᠤᠷᠪᠠ᠂ ᠬᠢᠨᠠᠨ ᠪᠠᠶᠢᠴᠠᠭᠠᠬᠤ ᠰᠠᠨᠠᠭᠤᠯᠭ᠎ᠠ | ᠨᠢᠭᠡ ᠳᠤ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢᠶᠠᠨ ᠴᠢᠩᠭ᠎ᠠ ᠠᠳᠬᠠᠵᠤ᠂ ᠰᠠᠯᠠᠭ᠎ᠠ ᠮᠥᠴᠢᠷ | ᠨᠢᠭᠡᠴᠡ ᠶᠢᠨ ᠲᠥᠰᠦᠪ ᠢ ᠭᠦᠢᠴᠡᠳᠬᠡᠬᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯᠯᠠᠭᠠᠨ ᠢ | ᠵᠢᠯᠣᠭᠤᠳᠬᠤ ᠪᠠ ᠬᠢᠨᠠᠯᠲᠠ ᠲᠠᠯᠪᠢᠬᠤ ᠶᠢ ᠴᠢᠬᠤᠯᠠᠴᠢᠯᠠᠵᠤ᠂ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ | ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠡᠷᠭᠡᠶᠢᠯᠡᠬᠦ ᠬᠡᠷᠡᠭᠲᠡᠶ᠃ ᠡᠳ᠋ ᠤᠨ ᠵᠠᠰᠠᠭ ᠤᠨ ᠲᠥᠰᠦᠪ ᠤᠨ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠲᠥᠰᠦᠪ ᠤᠨ ᠠᠮᠵᠢᠯᠲᠠ | ᠪᠦᠲᠦᠮᠵᠢ ᠶᠢᠨ ᠦᠨᠡᠯᠡᠯᠲᠡ ᠶᠢᠨ ᠠᠵᠢᠯ ᠤᠨ ᠳᠣᠭᠳᠠᠯᠴᠠᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠭᠤᠤᠯᠳᠠᠯᠭ᠎ᠠ | ᠲᠠᠢ ᠬᠦᠷᠢᠶ᠎ᠡ᠂ ᠭᠤᠤᠯᠳᠠᠯᠭ᠎ᠠ ᠲᠠᠢ ᠲᠥᠷᠥᠯ ᠵᠦᠶᠯ ᠤᠨ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ | ᠶᠢ ᠴᠢᠩᠭᠠᠳᠬᠠᠵᠤ᠂ ᠲᠥᠷᠥᠯ ᠵᠦᠶᠯ ᠲᠣᠭᠲᠠᠭᠠᠬᠤ᠂ ᠲᠥᠷᠥᠯ ᠵᠦᠶᠯ ᠤᠨ ᠶᠠᠰᠤ ᠴᠢᠨᠠᠷ᠂ ᠵᠢᠱᠢᠭᠰᠡᠨ ᠦᠷ᠎ᠡ | ᠠᠰᠢᠭ ᠵᠡᠷᠭᠡ ᠴᠢᠬᠤᠯᠠ ᠦᠨᠡᠯᠡᠯᠲᠡ ᠶᠢᠨ ᠠᠭᠤᠯᠭ᠎ᠠ ᠶᠢ ᠳᠣᠪᠣᠶᠢᠯᠭᠠᠵᠤ᠂ ᠦᠨᠡᠯᠡᠯᠲᠡ ᠶᠢᠨ ᠦᠷ᠎ᠡ ᠪᠦᠲᠦᠭᠡᠯ ᠤᠨ | ᠬᠡᠷᠡᠭᠯᠡᠯᠲᠡ ᠶᠢ ᠨᠠᠩ ᠴᠢᠬᠤᠯᠠᠴᠢᠯᠠᠵᠤ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ︽ | ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠵᠠᠰᠠᠭ ᠤᠨ ᠣᠷᠳᠣᠨ ᠤ ᠥᠷᠢ | ᠥᠭᠴᠡᠭᠡ ᠶᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠰᠠᠨᠠᠯ︾ ᠤᠨ ᠱᠠᠭᠠᠷᠳᠠᠯᠭ᠎ᠠ ᠶᠢ | ᠤᠯᠠᠮ ᠨᠢᠭᠡ ᠠᠯᠬᠤᠮ ᠨᠠᠶᠢᠳᠠᠪᠣᠷᠢᠵᠢᠭᠤᠯᠵᠣ᠂ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠥᠷᠢ ᠥᠭᠴᠡᠭᠡ ᠶᠢᠨ ᠪᠡᠯᠡ ᠮᠥᠩᠭᠦ ᠶᠢᠨ | ᠬᠡᠷᠡᠭᠯᠡᠯᠲᠡ ᠶᠢ ᠵᠢᠷᠤᠮᠵᠢᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠴᠢᠩᠭ᠎ᠠ | ᠰᠡᠷᠭᠡᠶᠢᠯᠡᠨ᠎ᠡ᠃ ᠬᠤᠶᠠᠷ ᠲᠤ ᠲᠥᠰᠦᠪ ᠤᠨ ᠬᠠᠲᠠᠭᠤ ᠴᠢᠨᠠᠷ ᠢ ᠴᠢᠩᠭᠠᠳᠬᠠᠨ᠎ᠠ᠃ 2025 ᠣᠨ ᠤ ᠲᠥᠰᠦᠪ ᠤᠨ | ᠮᠡᠳᠡᠭᠦᠯᠦᠯᠲᠡ ᠶᠢᠨ ᠲᠤᠰᠬᠠᠭᠰᠠᠨ ᠢ ᠦᠨᠳᠦᠰᠦᠯᠡᠪᠡᠯ᠂ 2025 ᠣᠨ ᠤ ᠲᠣᠬᠢᠷᠠᠭᠤᠯᠤᠭᠰᠠᠨ ᠲᠥᠰᠦᠪ ᠤᠨ | ᠵᠠᠷᠤᠯᠭ᠎ᠠ ᠶᠢᠨ ᠲᠤᠭ᠎ᠠ ᠨᠢ 2024 ᠣᠨ ᠤ ᠲᠥᠰᠦᠪ ᠤᠨ ᠭᠦᠶᠴᠡᠳᠬᠡᠭᠰᠡᠨ ᠲᠤᠭ᠎ᠠ ᠶᠢᠨ 157.94 % | ᠪᠣᠯᠤᠨ᠎ᠠ᠂ ᠵᠢᠯ ᠤᠨ ᠡᠬᠢᠨ ᠤ ᠲᠥᠰᠦᠪ ᠢ ᠨᠠᠶᠢᠷᠠᠭᠤᠯᠤᠨ ᠵᠣᠬᠢᠶᠠᠬᠤ ᠳᠤ ᠲᠥᠰᠦᠪ ᠤᠨ ᠬᠢᠵᠠᠭᠠᠷᠯᠠᠯ ᠢ ᠤᠯᠠᠮ | ᠨᠢᠭᠡ ᠠᠯᠬᠤᠮ ᠴᠢᠩᠭᠠᠷᠠᠭᠤᠯᠵᠤ᠂ ᠲᠥᠰᠦᠪ ᠢ ᠨᠠᠶᠢᠷᠠᠭᠤᠯᠤᠨ ᠵᠣᠬᠢᠶᠠᠬᠤ ᠶᠢᠨ ᠰᠢᠨᠵᠢᠯᠡᠬᠦ ᠤᠬᠠᠭᠠᠨᠴᠢ ᠴᠢᠨᠠᠷ ᠪᠠ | ᠲᠥᠪ ᠴᠢᠩᠭ᠎ᠠ ᠴᠢᠨᠠᠷ ᠢ ᠦᠨᠡᠨᠬᠦ ᠢᠯᠡᠷᠡᠭᠦᠯᠵᠦ᠂ ᠲᠥᠰᠦᠪ ᠤᠨ ᠢᠯᠡᠳᠬᠡᠪᠦᠷᠢ ᠶᠢᠨ ᠲᠣᠬᠢᠷᠠᠭᠤᠯᠤᠯᠲᠠ ᠶᠢ ᠴᠢᠩᠭ᠎ᠠ | ᠬᠢᠵᠠᠭᠠᠷᠯᠠᠨ᠎ᠠ᠃ ᠲᠡᠭ ᠰᠠᠭᠤᠷᠢ ᠲᠥᠰᠦᠪ ᠤᠨ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠲᠥᠰᠦᠪ | ᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ | ᠳᠡᠭᠡᠷᠡᠬᠢ ᠠᠰᠠᠭᠤᠳᠠᠯ ᠢ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠠᠷᠢᠨ ᠬᠢᠨᠠᠮᠠᠭᠠᠶ | ᠴᠡᠭᠴᠡᠯᠡᠨ ᠰᠠᠶᠢᠵᠢᠷᠠᠭᠤᠯᠬᠤ ᠶᠢᠨ ᠬᠠᠮᠲᠤ 2025 ᠣᠨ ᠤ 1 ᠰᠠᠷ᠎ᠠ ᠶᠢᠨ 7 ᠤ ᠡᠳᠦᠷ ᠠᠴᠠ ᠡᠮᠦᠨ᠎ᠡ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ | ᠳᠤ ᠡᠳ᠋ ᠤᠨ ᠵᠠᠰᠠᠭ ᠤᠨ ᠲᠥᠰᠦᠪ ︵ᠲᠥᠰᠦᠯ ︶ ᠢ ᠠᠩᠬ᠎ᠠ ᠠᠯᠬᠤᠮ ᠬᠢᠨᠠᠨ ᠪᠠᠶᠢᠴᠠᠭᠠᠭᠰᠠᠨ ᠰᠠᠨᠠᠯ ᠢ | ᠰᠢᠶᠳᠪᠦᠷᠢᠯᠡᠭᠰᠡᠨ ᠪᠠᠶᠢᠳᠠᠯ ᠤᠨ ᠮᠡᠳᠡᠭᠦᠯᠦᠯᠲᠡ ᠳᠡᠪᠰᠢᠭᠦᠯᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠠᠴᠠ 2024 ᠣᠨ ᠤ ᠡᠳ᠋ ᠤᠨ ᠵᠠᠰᠠᠭ ᠤᠨ ᠲᠥᠰᠦᠪ ᠢ ᠭᠦᠶᠴᠡᠳᠬᠡᠭᠰᠡᠨ ᠪᠠᠶᠢᠳᠠᠯ ᠪᠣᠯᠤᠨ | 2025 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠤᠨ ᠮᠡᠳᠡᠭᠦᠯᠦᠯᠲᠡ ᠶᠢ ᠬᠢᠨᠠᠨ ᠵᠥᠪᠯᠡᠵᠦ | ᠵᠥᠪᠰᠢᠶᠡᠷᠡᠬᠦ ᠳᠤ ᠯᠠᠪᠯᠠᠯᠲᠠ ᠬᠠᠩᠭᠠᠨ᠎ᠠ᠃ | |