2024 ᠣᠨ ᠤ 12 ᠰᠠᠷ᠎ᠠ | | | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ᠄ | | 2024 ᠣᠨ ᠤ 12 ᠰᠠᠷ᠎ᠠ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠨᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ᠂ 2024 ᠣᠨ ᠤ ᠮᠠᠨ ᠤ ᠬᠤᠰᠢᠭᠤᠨ ᠤ ᠡᠳ᠋ ᠤᠨ | ᠵᠠᠰᠠᠭ ᠤᠨ ᠲᠥᠰᠥᠪ ᠤᠨ ᠲᠣᠬᠢᠷᠠᠭᠤᠯᠤᠯᠲᠠ ᠶᠢᠨ ᠠᠩᠬᠠᠨ ᠤ ᠲᠥᠰᠥᠪ ︵ᠲᠥᠰᠥᠯ︶ ᠢ ᠠᠩᠬ᠎ᠠ ᠠᠯᠬᠤᠮ ᠬᠢᠨᠠᠨ | ᠪᠠᠶᠢᠴᠠᠭᠠᠬᠤ ᠶᠢᠨ ᠬᠠᠮᠲᠤ᠂ ︽ᠬᠡᠰᠢᠭᠲᠡᠨ ᠬᠤᠰᠢᠭᠤᠨ ᠤ 2024 ᠣᠨ ᠤ ᠡᠳ᠋ ᠤᠨ ᠵᠠᠰᠠᠭ ᠤᠨ ᠲᠥᠰᠥᠪ ᠤᠨ | ᠲᠣᠬᠢᠷᠠᠭᠤᠯᠤᠯᠲᠠ ᠶᠢᠨ ᠠᠩᠬᠠᠨ ᠤ ᠲᠥᠰᠥᠪ ︵ᠲᠥᠰᠥᠯ︶ ᠢ ᠠᠩᠬ᠎ᠠ ᠠᠯᠬᠤᠮ ᠬᠢᠨᠠᠨ ᠪᠠᠶᠢᠴᠠᠭᠠᠭᠰᠠᠨ ᠰᠠᠨᠠᠯ︾ ︵ | ᠳᠣᠷᠣᠭᠰᠢ ︽ᠬᠢᠨᠠᠨ ᠪᠠᠶᠢᠴᠠᠭᠠᠭᠰᠠᠨ ᠰᠠᠨᠠᠯ︾ ᠭᠡᠵᠦ ᠲᠣᠪᠴᠢᠯᠠᠨ᠎ᠠ︶ ᠢ ᠭᠠᠷᠭᠠᠪᠠ᠃ | ︽ᠬᠢᠨᠠᠨ ᠪᠠᠶᠢᠴᠠᠭᠠᠭᠰᠠᠨ ᠰᠠᠨᠠᠯ︾ ᠳᠤ 2024 ᠣᠨ ᠤ ᠡᠳ᠋ ᠤᠨ ᠵᠠᠰᠠᠭ ᠤᠨ ᠲᠥᠰᠥᠪ ᠤᠨ | ᠲᠣᠬᠢᠷᠠᠭᠤᠯᠤᠯᠲᠠ ᠶᠢᠨ ᠲᠥᠰᠥᠪ ︵ᠲᠥᠰᠥᠯ︶ ᠢ ᠲᠤᠭᠤᠷᠪᠢᠨ ᠨᠠᠶᠢᠷᠠᠭᠤᠯᠤᠭᠰᠠᠨ ᠪᠠᠶᠢᠳᠠᠯ ᠳᠤ ᠬᠠᠮᠢᠶ᠎ᠠ ᠪᠦᠬᠦᠢ | ᠠᠰᠠᠭᠤᠳᠠᠯ ᠵᠢᠴᠢ ᠰᠠᠨᠠᠭᠤᠯᠭ᠎ᠠ ᠳᠤᠷᠠᠳᠴᠤ᠂ ᠡᠳᠦᠭᠡ ᠬᠢᠨᠠᠨ ᠪᠠᠶᠢᠴᠠᠭᠠᠭᠰᠠᠨ ᠰᠠᠨᠠᠯ ᠳᠤ ᠳᠣᠣᠷᠠᠬᠢ ᠮᠡᠲᠦ ᠬᠠᠷᠢᠭᠤ | ᠲᠤᠰᠬᠠᠪᠠ᠄ | ᠨᠢᠭᠡ᠂ ᠲᠥᠰᠥᠪ ᠤᠨ ᠲᠣᠬᠢᠷᠠᠭᠤᠯᠤᠯᠲᠠ ᠪᠣᠯᠣᠨ ᠲᠥᠰᠥᠪ ᠤᠨ ᠲᠣᠬᠢᠷᠠᠭᠤᠯᠤᠯᠲᠠ ᠶᠢ ᠬᠢᠨᠠᠨ ᠵᠥᠪᠰᠢᠶᠡᠷᠡᠬᠦ | ᠡᠷᠬᠡ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠭᠰᠠᠨ ᠨᠢ ᠣᠨᠣᠪᠴᠢ ᠦᠭᠡᠢ | ︽ᠬᠢᠨᠠᠨ ᠪᠠᠶᠢᠴᠠᠭᠠᠭᠰᠠᠨ ᠰᠠᠨᠠᠯ︾ ᠢ ᠦᠨᠳᠦᠰᠦᠯᠡᠵᠦ᠂ 2024 ᠣᠨ ᠤ ᠲᠥᠰᠥᠪ ᠤᠨ | ᠲᠣᠬᠢᠷᠠᠭᠤᠯᠤᠯᠲᠠ ᠶᠢᠨ ᠲᠥᠰᠥᠯ ︵ᠲᠥᠰᠥᠯ︶ ᠳᠤ ᠨᠢᠭᠡᠨᠲᠡ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ | ᠲᠡᠭᠦᠨ ᠤ ᠳᠣᠲᠣᠷᠠᠬᠢ ︽ᠲᠠᠪᠤ᠂ ᠪᠤᠰᠤᠳ ᠮᠡᠳᠡᠭᠦᠯᠬᠦ ᠴᠢᠬᠤᠯᠠᠲᠠᠢ ᠵᠦᠢᠯᠡᠰ ᠁ ︵ᠭᠤᠷᠪᠠ︶ ᠲᠥᠰᠥᠪ ᠤᠨ | ᠲᠣᠬᠢᠷᠠᠭᠤᠯᠤᠯᠲᠠ ᠶᠢᠨ ᠪᠠᠶᠢᠳᠠᠯ︾ ᠤᠨ ᠠᠭᠤᠯᠭ᠎ᠠ ᠶᠢ ᠬᠠᠰᠤᠪᠠ᠃ ᠬᠤᠶᠢᠰᠢᠳᠠ ᠶᠢᠨ ᠵᠢᠯ ᠤᠳ ᠲᠤ ᠬᠤᠯᠪᠣᠭᠳᠠᠯ | ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠢ ᠴᠢᠩᠭ᠎ᠠ ᠵᠢᠷᠤᠮᠯᠠᠵᠤ᠂ ᠡᠶᠢᠮᠦᠷᠬᠦ ᠠᠰᠠᠭᠤᠳᠠᠯ ᠢ ᠡᠷᠡᠰ ᠲᠡᠪᠴᠢᠨ᠎ᠡ᠃ | | ᠬᠤᠶᠠᠷ᠂ ᠡᠩ ᠤᠨ ᠤᠯᠠᠨ ᠨᠡᠶᠢᠲᠡ ᠶᠢᠨ ᠲᠥᠰᠥᠪ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ | ᠮᠥᠩᠭᠦᠨ ᠤ ᠲᠥᠰᠥᠪ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ ᠵᠢᠯ ᠤᠨ | ᠡᠬᠢᠨ ᠳᠤ ᠲᠤᠭᠤᠷᠪᠢᠨ ᠨᠠᠶᠢᠷᠠᠭᠤᠯᠤᠭᠰᠠᠨ ᠨᠢ ᠣᠨᠣᠪᠴᠢ ᠦᠭᠡᠢ᠂ ᠲᠣᠬᠢᠷᠠᠭᠤᠯᠤᠯᠲᠠ ᠶᠢᠨ ᠬᠠᠷᠢᠴᠠᠯ ᠨᠢ ᠶᠡᠭᠡ | ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠳᠠᠬᠢ ︽ᠪᠤᠰᠤᠳ ᠵᠠᠷᠤᠯᠭ᠎ᠠ︾ ᠳᠤ 1617.7 | ᠲᠦᠮᠡᠨ ᠲᠥᠭᠦᠷᠢᠭ ᠤᠨ ᠲᠣᠬᠢᠷᠠᠭᠤᠯᠤᠯᠲᠠ ᠬᠢᠭᠰᠡᠨ ᠨᠢ ᠭᠤᠣᠯᠳᠠᠭᠤ ᠬᠤᠰᠢᠭᠤᠨ ᠤ ᠵᠠᠰᠠᠭ ᠤᠨ ᠣᠷᠳᠣᠨ ᠤ | ᠬᠠᠮᠢᠶ᠎ᠠ ᠪᠦᠬᠦᠢ ᠬᠤᠷᠠᠯ ᠤᠨ ᠲᠣᠭᠲᠠᠭᠠᠯ ᠢ ᠦᠨᠳᠦᠰᠦᠯᠡᠵᠦ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ | ᠵᠠᠰᠠᠬᠤ ︵ᠬᠤᠶᠠᠳᠤᠭᠠᠷ ᠬᠤᠭᠤᠴᠠᠭ᠎ᠠ︶ + ᠬᠤᠷᠰᠢᠯᠲᠠ ᠶᠢᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ | ᠲᠥᠷᠥᠯ ᠵᠦᠢᠯ ᠢ ᠤᠷᠤᠭᠰᠢᠲᠠᠢ ᠬᠡᠷᠡᠭᠵᠢᠭᠦᠯᠬᠦ᠂ ᠶᠢᠨ ᠹᠧᠩ ᠺᠣᠮᠫᠠᠨᠢ ᠶᠢᠨ ᠰᠲ᠋ᠣᠺ ᠤᠨ ᠡᠷᠬᠡ ᠶᠢ ᠳᠠᠬᠢᠨ ᠵᠣᠬᠢᠶᠠᠨ | ᠪᠠᠶᠢᠭᠤᠯᠬᠤ ᠶᠢ ᠤᠷᠤᠭᠰᠢᠲᠠᠢ ᠬᠡᠷᠡᠭᠵᠢᠭᠦᠯᠬᠦ ᠶᠢᠨ ᠲᠥᠯᠥᠭᠡ ᠵᠢᠦᠢ ᠰᠢᠨ ᠺᠣᠮᠫᠠᠨᠢ᠂ ᠿᠥᠩ ᠹᠧᠩ ᠺᠣᠮᠫᠠᠨᠢ ᠶᠢᠨ | ᠳᠠᠩᠰᠠᠯᠠᠭᠤᠯᠤᠭᠰᠠᠨ ᠡᠳ᠋ ᠬᠥᠷᠥᠩᠭᠡ ᠶᠢᠨ ᠪᠡᠯᠡ ᠮᠥᠩᠭᠦ ᠶᠢ ᠲᠤᠰᠪᠦᠷᠢ 847.12 ᠲᠦᠮᠡᠨ ᠲᠥᠭᠦᠷᠢᠭ᠂ 770 | ᠲᠦᠮᠡᠨ ᠲᠥᠭᠦᠷᠢᠭ ᠪᠠᠭᠤᠯᠭᠠᠭᠰᠠᠨ ᠠᠴᠠ ᠰᠢᠯᠲᠠᠭᠠᠯᠠᠭᠳᠠᠪᠠ᠃ | ᠬᠤᠶᠢᠰᠢᠳᠠ ᠶᠢᠨ ᠵᠢᠯ ᠳᠤ ᠮᠠᠨ ᠤ ᠬᠤᠰᠢᠭᠤ ᠨᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠢ | ᠴᠢᠩᠭ᠎ᠠ ᠵᠢᠷᠤᠮᠯᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠲᠥᠰᠥᠪ ᠢ ᠨᠠᠶᠢᠷᠠᠭᠤᠯᠤᠨ ᠵᠣᠬᠢᠶᠠᠬᠤ ᠠᠵᠢᠯ ᠢ | ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠲᠥᠰᠥᠪ ᠤᠨ ᠠᠭᠤᠯᠭ᠎ᠠ ᠶᠢᠨ ᠦᠨᠡᠨ ᠪᠣᠳᠠᠲᠤ ᠴᠢᠨᠠᠷ᠂ ᠣᠨᠣᠪᠴᠢᠲᠤ | ᠴᠢᠨᠠᠷ ᠪᠠ ᠪᠦᠷᠢᠨ ᠪᠦᠲᠦᠨ ᠴᠢᠨᠠᠷ ᠢ ᠪᠠᠲᠤᠯᠠᠵᠤ᠂ ᠲᠥᠰᠥᠪ ᠤᠨ ᠬᠡᠷᠡᠭᠵᠢᠭᠦᠯᠦᠯᠲᠡ ᠳᠤ ᠪᠠᠲᠤ ᠪᠠᠬᠢ ᠰᠠᠭᠤᠷᠢ | ᠲᠠᠯᠪᠢᠨ᠎ᠠ᠃ | ᠭᠤᠷᠪᠠ᠂ 2024 ᠣᠨ ᠳᠤ ᠨᠢᠭᠡᠨᠲᠡ ᠴᠣᠬᠤᠯᠠᠪᠤᠷᠢᠯᠠᠨ ᠬᠠᠷᠢᠭᠤᠯᠤᠭᠰᠠᠨ ᠲᠥᠰᠥᠪ ᠤᠨ ᠭᠦᠢᠴᠡᠳᠬᠡᠯ | ᠲᠤᠭ᠎ᠠ ᠶᠢ ᠨᠡᠬᠡᠮᠵᠢᠯᠡᠨ ᠬᠠᠰᠤᠬᠤ ᠳᠤ ᠭᠠᠴᠠᠭ᠎ᠠ ᠲᠣᠰᠬᠤᠨ ᠤ ᠱᠠᠲᠤᠨ ᠤ ᠬᠥᠮᠥᠰ ᠤᠨ ᠴᠠᠯᠢᠩ᠂ ᠵᠠᠷᠤᠳᠠᠯ ᠢ | ᠪᠠᠭᠲᠠᠭᠠᠪᠠ | ︽ᠲᠥᠰᠥᠪ ᠤᠨ ᠬᠠᠤᠯᠢ︾ ︽ᠡᠳ᠋ ᠤᠨ ᠵᠠᠰᠠᠭ ᠤᠨ ᠦᠯᠡᠳᠡᠭᠡᠯ ᠪᠡᠯᠡ ᠮᠥᠩᠭᠦ ᠶᠢ ᠠᠮᠢᠳᠤᠯᠢᠭ ᠴᠢᠯᠦᠭᠡᠲᠡᠢ | ᠪᠣᠯᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2014﹈ 70 ᠳ᠋ᠤᠭᠠᠷ ᠲᠣᠭᠠᠲᠤ︶ ᠤᠨ ᠬᠠᠮᠢᠶ᠎ᠠ | ᠪᠦᠬᠦᠢ ᠲᠣᠭᠲᠠᠭᠠᠯ ᠪᠠ ᠱᠠᠭᠠᠷᠳᠠᠯᠭ᠎ᠠ ᠶᠣᠰᠣᠭᠠᠷ᠂ ᠮᠠᠨ ᠤ ᠬᠤᠰᠢᠭᠤᠨ ᠤ ᠨᠡᠬᠡᠮᠵᠢᠯᠡᠨ ᠬᠠᠰᠤᠭᠰᠠᠨ 2024 | ᠣᠨ ᠳᠤ ᠭᠠᠴᠠᠭ᠎ᠠ ᠲᠣᠰᠬᠤᠨ ᠤ ᠱᠠᠲᠤᠨ ᠤ ᠠᠵᠢᠯᠲᠠᠨ ᠤ ᠴᠠᠯᠢᠩ᠂ ᠵᠠᠷᠤᠳᠠᠯ ᠢ ᠥᠩᠭᠡᠷᠡᠭᠰᠡᠨ ᠵᠢᠯ ᠤᠨ | ᠦᠯᠡᠳᠡᠪᠦᠷᠢ ᠪᠡᠯᠡ ᠮᠥᠩᠭᠦ ᠪᠣᠯᠭᠠᠪᠠ᠃ ᠪᠣᠳᠠᠲᠠᠢ ᠪᠠᠷ ᠬᠡᠯᠡᠪᠡᠯ᠂ ᠭᠠᠴᠠᠭ᠎ᠠ ᠲᠣᠰᠬᠤᠨ ᠤ ᠱᠠᠲᠤᠨ ᠤ ᠠᠵᠢᠯᠲᠠᠨ ᠤ | ᠴᠠᠯᠢᠩ ᠢ ᠰᠠᠷ᠎ᠠ ᠪᠠᠷ ᠲᠤᠭ᠎ᠠ ᠶᠣᠰᠣᠭᠠᠷ ᠭᠦᠢᠴᠡᠳ ᠥᠭᠴᠦ᠂ ᠥᠷᠢᠲᠦᠭᠰᠡᠨ ᠪᠠᠶᠢᠳᠠᠯ ᠣᠷᠣᠰᠢᠬᠤ ᠦᠭᠡᠢ᠂ | ᠲᠣᠰᠬᠤᠨ ᠤ ᠱᠠᠲᠤᠨ ᠤ ᠵᠠᠷᠤᠳᠠᠯ ᠤᠨ ᠭᠦᠢᠴᠡᠳᠬᠡᠯ ᠲᠤᠭ᠎ᠠ ᠶᠢ ᠦᠯᠡᠳᠡᠪᠦᠷᠢ ᠪᠡᠯᠡ ᠮᠥᠩᠭᠦ ᠶᠢᠨ ᠪᠣᠳᠠᠲᠠᠢ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠲᠥᠰᠥᠪ ᠤᠨ ᠭᠦᠢᠴᠡᠳᠬᠡᠯ ᠲᠤᠭ᠎ᠠ ᠶᠢ ᠵᠦᠢ ᠵᠣᠬᠢᠰᠲᠠᠢ | ᠲᠣᠬᠢᠷᠠᠭᠤᠯᠪᠠ᠃ ᠡᠭᠦᠨᠴᠢᠯᠡᠨ᠂ 2024 ᠣᠨ ᠳᠤ ᠭᠠᠴᠠᠭ᠎ᠠ ᠲᠣᠰᠬᠤᠨ ᠤ ᠱᠠᠲᠤᠨ ᠤ ᠠᠵᠢᠯᠲᠠᠨ ᠤ ᠴᠠᠯᠢᠩ᠂ | ᠵᠠᠷᠤᠳᠠᠯ ᠤᠨ ᠭᠦᠢᠴᠡᠳᠬᠡᠯ ᠲᠤᠭ᠎ᠠ ᠶᠢ ᠨᠡᠬᠡᠮᠵᠢᠯᠡᠨ ᠬᠠᠰᠤᠬᠤ ᠨᠢ ᠭᠠᠴᠠᠭᠠᠨ ᠤ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠬᠡᠪ ᠤᠨ ᠲᠤᠬᠠᠶᠢᠯᠠᠭᠰᠠᠨ ᠠᠵᠢᠯ ᠤᠨ ᠠᠵᠢᠯᠯᠠᠭᠠᠨ ᠢ ᠨᠥᠯᠥᠭᠡᠯᠡᠬᠦ ᠦᠭᠡᠢ᠃ | ᠳᠥᠷᠪᠡ᠂ ᠦᠯᠡᠳᠡᠪᠦᠷᠢ ᠪᠡᠯᠡ ᠮᠥᠩᠭᠦ ᠶᠢ ᠬᠠᠤᠯᠢ ᠲᠣᠭᠲᠠᠭᠠᠯ ᠳᠤ ᠨᠡᠶᠢᠴᠡᠭᠰᠡᠨ ᠪᠠᠶᠢᠳᠠᠯ ᠳᠣᠣᠷ᠎ᠠ ᠴᠠᠭ | ᠲᠤᠬᠠᠢ ᠳᠤᠨᠢ ᠲᠣᠬᠢᠷᠠᠭᠤᠯᠤᠨ ᠬᠡᠷᠡᠭᠯᠡᠬᠦ ᠬᠡᠷᠡᠭᠲᠡᠢ | ︽ᠲᠥᠰᠥᠪ ᠤᠨ ᠬᠠᠤᠯᠢ︾ ᠵᠢᠴᠢ ᠬᠡᠷᠡᠭᠵᠢᠭᠦᠯᠬᠦ ᠳᠦᠷᠢᠮ ᠤᠨ ᠬᠠᠮᠢᠶ᠎ᠠ ᠪᠦᠬᠦᠢ ᠲᠣᠭᠲᠠᠭᠠᠯ ᠢ | ᠦᠨᠳᠦᠰᠦᠯᠡᠵᠦ᠂ ᠮᠠᠨ ᠤ ᠬᠤᠰᠢᠭᠤ ᠨᠢ ᠨᠢᠭᠡᠨᠲᠡ ᠲᠦᠷᠦᠭᠦᠸ ᠵᠢᠯ ᠤᠨ ᠳ᠋ᠦᠩᠨᠡᠨ ᠰᠢᠯᠵᠢᠭᠦᠯᠦᠭᠰᠡᠨ ᠣᠷᠣᠯᠭ᠎ᠠ ᠶᠢ | 2024 ᠣᠨ ᠤ ᠵᠢᠯ ᠤᠨ ᠡᠬᠢᠨ ᠤ ᠲᠥᠰᠥᠪ ᠲᠤ ᠣᠷᠣᠭᠤᠯᠬᠤ ᠶᠢᠨ ᠬᠠᠮᠲᠤ᠂ ᠲᠣᠰ ᠪᠡᠯᠡ ᠮᠥᠩᠭᠦ ᠶᠢ ᠳ᠋ᠦᠩᠨᠡᠨ | ᠰᠢᠯᠵᠢᠭᠦᠯᠦᠭᠰᠡᠨ ᠲᠥᠷᠥᠯ ᠵᠦᠢᠯ ᠤᠨ ᠵᠠᠷᠤᠯᠭ᠎ᠠ ᠳᠤ ᠬᠡᠷᠡᠭᠯᠡᠬᠦ ᠪᠠᠷ ᠲᠣᠳᠣᠷᠬᠠᠢ ᠲᠣᠭᠲᠠᠭᠠᠪᠠ᠃ ᠲᠥᠰᠥᠪ ᠤᠨ | ᠬᠡᠷᠡᠭᠵᠢᠭᠦᠯᠦᠯᠲᠡ ᠶᠢᠨ ᠳᠦᠷᠢᠮᠵᠢᠯᠲᠦ ᠴᠢᠨᠠᠷ ᠪᠠ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢᠲᠦ | ᠴᠢᠨᠠᠷ ᠢ ᠪᠠᠲᠤᠯᠠᠬᠤ ᠶᠢᠨ ᠲᠥᠯᠥᠭᠡ᠂ ᠮᠠᠨ ᠤ ᠬᠤᠰᠢᠭᠤ ᠨᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ | ᠪᠠᠭᠤᠯᠭᠠᠭᠰᠠᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠢ ᠴᠢᠩᠭ᠎ᠠ ᠵᠢᠷᠤᠮᠯᠠᠵᠤ᠂ ᠲᠥᠰᠥᠪ ᠤᠨ | ᠵᠠᠷᠤᠯᠭ᠎ᠠ ᠶᠢᠨ ᠪᠡᠯᠡ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠰᠢᠯᠵᠢᠭᠦᠯᠦᠨ ᠥᠭᠬᠦ ᠶᠢᠨ ᠬᠠᠮᠲᠤ᠂ | ᠲᠥᠰᠥᠪ ᠤᠨ ᠵᠠᠷᠤᠯᠭ᠎ᠠ ᠶᠢᠨ ᠪᠦᠭᠦ ᠶᠠᠪᠤᠴᠠ ᠶᠢᠨ ᠬᠠᠮᠢᠶᠠᠷᠤᠯᠲᠠ ᠪᠠ ᠬᠢᠨᠠᠯᠲᠠ ᠶᠢ ᠵᠡᠷᠭᠡᠪᠡᠷ ᠴᠢᠩᠭᠠᠳᠬᠠᠪᠠ᠃ | ᠡᠭᠦᠨ ᠤ ᠵᠡᠷᠭᠡᠪᠷ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠪᠡᠯᠡ ᠮᠥᠩᠭᠦ ᠶᠢ ᠰᠤᠯᠠ ᠲᠠᠯᠪᠢᠬᠤ ᠪᠠ ᠪᠦᠷᠢᠯᠭᠡᠨ ᠰᠦᠢᠳᠬᠡᠬᠦ ᠠᠴᠠ ᠵᠠᠶᠢᠯᠠᠰᠬᠢᠬᠦ ᠶᠢᠨ | ᠲᠥᠯᠥᠭᠡ᠂ ᠬᠤᠶᠠᠷ ᠵᠢᠯ ᠳᠠᠷᠠᠭᠠᠯᠠᠨ ᠬᠡᠷᠡᠭᠯᠡᠵᠦ ᠳᠠᠭᠤᠰᠤᠭ᠎ᠠ ᠦᠭᠡᠢ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠶᠢ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠦᠯᠡᠳᠡᠪᠦᠷᠢ ᠪᠡᠯᠡ ᠮᠥᠩᠭᠦ ᠪᠣᠯᠭᠠᠨ ᠬᠠᠮᠢᠶᠠᠷᠪᠠ᠃ ︽ᠬᠢᠨᠠᠨ | ᠪᠠᠶᠢᠴᠠᠭᠠᠭᠰᠠᠨ ᠰᠠᠨᠠᠯ︾ ᠢ ᠴᠢᠩᠭ᠎ᠠ ᠵᠢᠷᠤᠮᠯᠠᠵᠤ᠂ ᠦᠯᠡᠳᠡᠪᠦᠷᠢ ᠬᠡᠪᠴᠢᠶ᠎ᠡ ᠶᠢ ᠬᠢᠵᠠᠭᠠᠷᠯᠠᠵᠤ᠂ ᠦᠯᠡᠳᠡᠪᠦᠷᠢ ᠪᠡᠯᠡ | ᠮᠥᠩᠭᠦ ᠶᠢ ᠲᠣᠬᠢᠷᠠᠭᠤᠯᠤᠨ ᠬᠡᠷᠡᠭᠯᠡᠬᠦ ᠦᠶ᠎ᠡ ᠳᠤ ᠬᠠᠤᠯᠢ ᠶᠣᠰᠣᠨ ᠳᠤ ᠨᠡᠶᠢᠴᠡᠬᠦ ᠪᠠ ᠲᠣᠭᠲᠠᠭᠠᠯ ᠳᠤ ᠨᠡᠶᠢᠴᠡᠬᠦ ᠶᠢ | ᠦᠨᠡᠨᠬᠦ ᠪᠠᠲᠤᠯᠠᠬᠤ ᠬᠡᠷᠡᠭᠲᠡᠢ᠃ | ᠲᠠᠪᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ | ᠵᠥᠪᠰᠢᠶᠡᠷᠡᠭᠦᠯᠦᠭᠰᠡᠨ ᠦᠭᠡᠢ ᠪᠠᠷ ᠲᠥᠰᠥᠪ ᠤᠨ ᠭᠦᠢᠴᠡᠳᠬᠡᠯ ᠲᠤᠭ᠎ᠠ ᠶᠢ ᠤᠷᠢᠳᠴᠢᠯᠠᠨ ᠪᠠᠭᠤᠯᠭᠠᠭᠰᠠᠨ | ︽ᠬᠢᠨᠠᠨ ᠪᠠᠶᠢᠴᠠᠭᠠᠭᠰᠠᠨ ᠰᠠᠨᠠᠯ︾ ᠳᠤ ᠳᠤᠷᠠᠳᠤᠭᠰᠠᠨ ︽ᠵᠠᠰᠠᠭ ᠤᠨ ᠣᠷᠳᠣᠨ ᠤ ᠴᠢᠨᠠᠷᠲᠠᠢ ᠰᠠᠭᠤᠷᠢ | ᠮᠥᠩᠭᠦᠨ ᠤ ᠲᠥᠰᠥᠪ ᠤᠨ ᠲᠣᠬᠢᠷᠠᠭᠤᠯᠤᠯᠲᠠ ᠶᠢᠨ ᠵᠦᠢᠯᠡᠰ ᠲᠤ 495 ᠲᠦᠮᠡᠨ ᠲᠥᠭᠦᠷᠢᠭ ᠤᠨ ᠭᠦᠢᠴᠡᠳᠬᠡᠯ | ᠲᠤᠭ᠎ᠠ ᠶᠢ ᠤᠷᠢᠳᠴᠢᠯᠠᠨ ᠪᠠᠭᠤᠯᠭᠠᠭᠰᠠᠨ︾ ᠠᠰᠠᠭᠤᠳᠠᠯ ᠣᠷᠣᠰᠢᠵᠤ ᠪᠠᠶᠢᠬᠤ ᠳᠤ ᠴᠢᠭᠯᠡᠭᠦᠯᠵᠦ᠂ ᠬᠢᠨᠠᠨ | ᠬᠠᠷᠭᠤᠭᠤᠯᠬᠤ ᠪᠠᠷ ᠳᠠᠮᠵᠢᠭᠤᠯᠵᠤ᠂ ᠭᠠᠵᠠᠷ ᠰᠢᠷᠣᠢ ᠶᠢ ᠰᠢᠯᠵᠢᠭᠦᠯᠦᠨ ᠥᠭᠭᠦᠭᠰᠡᠨ ᠣᠷᠣᠯᠭ᠎ᠠ ᠶᠢ ᠨᠡᠮᠡᠭᠳᠡᠭᠦᠯᠦᠨ | ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠳᠤ ᠬᠡᠷᠡᠭᠯᠡᠬᠦ ᠪᠡᠯᠡ ᠮᠥᠩᠭᠦ 826 ᠲᠦᠮᠡᠨ | ᠲᠥᠭᠦᠷᠢᠭ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠥᠪ ᠤᠨ ᠳ᠋ᠦᠩᠨᠡᠨ ᠰᠢᠯᠵᠢᠭᠦᠯᠦᠭᠰᠡᠨ | ᠦᠯᠡᠳᠡᠪᠦᠷᠢ ᠪᠡᠯᠡ ᠮᠥᠩᠭᠦ ᠶᠢ ᠴᠢᠯᠦᠭᠡᠲᠡᠢ ᠪᠣᠯᠭᠠᠬᠤ 331 ᠲᠦᠮᠡᠨ ᠲᠥᠭᠦᠷᠢᠭ ᠲᠣᠬᠢᠷᠠᠭᠤᠯᠪᠠ᠂ ᠡᠨᠡ ᠨᠢ ᠴᠥᠮ | ᠲᠥᠰᠥᠪ ᠤᠨ ᠲᠣᠬᠢᠷᠠᠭᠤᠯᠬᠤ ᠵᠦᠢᠯᠡᠰ ᠪᠠᠶᠢᠵᠤ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ | ᠲᠥᠰᠥᠪ ᠤᠨ ᠶᠡᠷᠦᠩᠬᠡᠢ ᠵᠠᠷᠤᠯᠭ᠎ᠠ ᠶᠢ ᠨᠡᠮᠡᠭᠳᠡᠭᠦᠯᠦᠭᠰᠡᠨ ᠪᠤᠶᠤ ᠬᠠᠰᠤᠭᠳᠠᠭᠤᠯᠤᠭᠰᠠᠨ ᠨᠥᠯᠥᠭᠡ ᠭᠠᠷᠤᠭᠰᠠᠨ | ᠦᠭᠡᠢ᠂ ᠬᠠᠷᠢᠨ ᠲᠥᠰᠥᠪ ᠤᠨ ᠶᠡᠷᠦᠩᠬᠡᠢ ᠵᠠᠷᠤᠯᠭ᠎ᠠ ᠶᠢᠨ ᠳᠣᠲᠣᠭᠠᠳᠤ ᠶᠢᠨ ᠲᠣᠬᠢᠷᠠᠭᠤᠯᠤᠯᠲᠠ ᠪᠠ | ᠰᠢᠯᠢᠳᠡᠭᠵᠢᠭᠦᠯᠦᠯᠲᠡ ᠪᠠᠶᠢᠵᠤ᠂ ᠲᠥᠰᠥᠪ ᠤᠨ ᠭᠦᠢᠴᠡᠳᠬᠡᠯ ᠲᠤᠭ᠎ᠠ ᠶᠢ ᠤᠷᠢᠳᠴᠢᠯᠠᠨ ᠪᠠᠭᠤᠯᠭᠠᠭᠰᠠᠨ ᠪᠠᠶᠢᠳᠠᠯ ᠳᠤ | ᠬᠠᠷᠢᠶᠠᠯᠠᠭᠳᠠᠬᠤ ᠦᠭᠡᠢ᠃ | | |