2024 ᠣᠨ ᠤ ᠬᠡᠰᠢᠭᠲᠡᠨ ᠬᠤᠰᠢᠭᠤᠨ ᠤ ᠡᠳ᠋ ᠤᠨ ᠵᠠᠰᠠᠭ ᠤᠨ ᠲᠥᠰᠦᠪ ᠲᠤ ᠲᠣᠬᠢᠷᠠᠭᠤᠯᠤᠯᠲᠠ ᠬᠢᠬᠦ ᠠᠩᠬ᠎ᠠ ᠠᠯᠬᠤᠮ ᠤᠨ ᠲᠥᠰᠦᠯ ︵ᠲᠥᠰᠦᠯ︶᠎ ᠤᠨ ᠲᠤᠬᠠᠶ ᠠᠩᠬ᠎ᠠ ᠠᠯᠬᠤᠮ ᠤᠨ ᠬᠢᠨᠠᠨ ᠪᠠᠶᠢᠴᠠᠭᠠᠭᠰᠠᠨ ᠰᠠᠨᠠᠯ
ᠨᠡᠶᠢᠲᠡᠯᠡᠭᠰᠡᠨ ᠴᠠᠭ᠄
2025/2/7
           ︵2024 ᠣᠨ ᠤ 12 ᠰᠠᠷ᠎ᠠ︶            ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ            ᠡᠳ᠋ ᠤᠨ ᠵᠠᠰᠠᠭ ᠠᠵᠤ ᠠᠬᠤᠶ ᠶᠢᠨ ᠵᠥᠪᠯᠡᠯᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠄      ᠬᠡᠰᠢᠭᠲᠡᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠨᠢ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠬᠤ ᠬᠠᠤᠯᠢ︾ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠬᠢᠨᠠᠨ ᠪᠠᠶᠢᠴᠠᠭᠠᠯᠲᠠ ᠶᠢᠨ ᠬᠢᠨᠠᠯᠲᠠ ᠲᠠᠯᠪᠢᠬᠤ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ 2024 ᠣᠨ ᠳᠤ ᠮᠠᠨ ᠤ ᠬᠤᠰᠢᠭᠤᠨ ᠤ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢᠨ ᠠᠩᠬᠠᠨ ᠤ ᠲᠥᠰᠦᠯ ︵ᠲᠥᠰᠦᠯ︶᠎ ᠢ ᠠᠩᠬ᠎ᠠ ᠠᠯᠬᠤᠮ ᠬᠢᠨᠠᠨ ᠪᠠᠶᠢᠴᠠᠭᠠᠪᠠ ᠂ ᠤᠳᠤ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠳᠣᠣᠷᠠᠬᠢ ᠮᠡᠲᠦ ᠮᠡᠳᠡᠭᠦᠯᠦᠶ᠎ᠡ᠄      ᠨᠢᠭᠡ᠂ ᠬᠤᠰᠢᠭᠤᠨ ᠤ ᠲᠣᠰ ᠱᠠᠲᠤᠨ ᠤ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ᠂ ᠵᠠᠷᠤᠯᠭ᠎ᠠ ᠶᠢᠨ ᠲᠣᠬᠢᠷᠠᠭᠤᠯᠤᠯᠲᠠ ᠶᠢᠨ ᠪᠠᠶᠢᠳᠠᠯ      ︵ᠨᠢᠭᠡ︶ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠳᠤ ᠲᠣᠬᠢᠷᠠᠭᠤᠯᠤᠯᠲᠠ ᠬᠢᠭᠰᠡᠨ ᠪᠠᠶᠢᠳᠠᠯ᠃ 2024 ᠣᠨ ᠤ ᠬᠡᠰᠢᠭᠲᠡᠨ ᠬᠤᠰᠢᠭᠤᠨ ᠤ ᠡᠳ᠋ ᠤᠨ ᠵᠠᠰᠠᠭ ᠤᠨ ᠲᠥᠰᠦᠪ ᠎ ᠲᠤ ᠲᠣᠬᠢᠷᠠᠭᠤᠯᠤᠯᠲᠠ ᠬᠢᠬᠦ ᠠᠩᠬᠠᠨ ᠤ ᠲᠥᠰᠦᠯ ︵ᠲᠥᠰᠦᠯ︶᠄ 2024 ᠣᠨ ᠤ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠶᠡᠷᠦᠩᠬᠡᠶ ᠣᠷᠣᠯᠭ᠎ᠠ ᠶᠢᠨ ᠵᠢᠯ ᠤᠨ ᠡᠬᠢᠨ ᠤ ᠲᠥᠰᠦᠪ 699691 ᠲᠦᠮᠡᠨ ᠲᠥᠭᠦᠷᠢᠭ᠂ 690751 ᠲᠦᠮᠡᠨ ᠲᠥᠭᠦᠷᠢᠭ ᠪᠣᠯᠭᠠᠨ ᠲᠣᠬᠢᠷᠠᠭᠤᠯᠵᠤ᠂ ᠵᠢᠯ ᠤᠨ ᠡᠬᠢᠨ ᠎ ᠤ ᠲᠥᠰᠦᠪ ᠠᠴᠠ 8940 ᠲᠦᠮᠡᠨ ᠲᠥᠭᠦᠷᠢᠭ ᠪᠠᠭᠠᠰᠬᠠᠪᠠ᠃ ᠡᠭᠦᠨ ᠳᠤ᠄ ᠡᠩ ᠤᠨ ᠣᠯᠠᠨ ᠨᠡᠶᠢᠳᠡ ᠶᠢᠨ ᠲᠥᠰᠦᠪ ᠤᠨ ᠣᠷᠣᠯᠭ᠎ᠠ ᠶᠢᠨ ᠵᠢᠯ ᠤᠨ ᠡᠬᠢᠨ ᠤ ᠲᠥᠰᠦᠪ 85300 ᠲᠦᠮᠡᠨ ᠲᠥᠭᠦᠷᠢᠭ᠂ 99059 ᠲᠦᠮᠡᠨ ᠲᠥᠭᠦᠷᠢᠭ ᠪᠣᠯᠭᠠᠨ ᠲᠣᠬᠢᠷᠠᠭᠤᠯᠵᠤ᠂ ᠵᠢᠯ ᠤᠨ ᠡᠬᠢᠨ ᠤ ᠲᠥᠰᠦᠪ ᠠᠴᠠ 13759 ᠲᠦᠮᠡᠨ ᠲᠥᠭᠦᠷᠢᠭ ᠨᠡᠮᠡᠭᠳᠡᠭᠦᠯᠪᠡ︔ ᠳᠡᠭᠡᠷ᠎ᠡ ᠱᠠᠲᠤᠨ ᠤ ᠵᠢᠯ ᠤᠨ ᠡᠬᠢᠨ ᠤ ᠲᠥᠰᠦᠪ ᠤᠨ ᠨᠥᠬᠦᠪᠥᠷᠢ 184209 ᠲᠦᠮᠡᠨ ᠲᠥᠭᠦᠷᠢᠭ᠂ 178785 ᠲᠦᠮᠡᠨ ᠲᠥᠭᠦᠷᠢᠭ ᠪᠣᠯᠭᠠᠨ ᠲᠣᠬᠢᠷᠠᠭᠤᠯᠵᠤ᠂ ᠵᠢᠯ ᠤᠨ ᠡᠬᠢᠨ ᠤ ᠲᠥᠰᠦᠪ ᠠᠴᠠ 5424 ᠲᠦᠮᠡᠨ ᠲᠥᠭᠦᠷᠢᠭ ᠪᠠᠭᠠᠰᠬᠠᠪᠠ︔ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠎ ᠶᠢᠨ ᠲᠡᠮᠳᠡᠭᠲᠦ ᠶᠢᠨ ᠰᠢᠯᠵᠢᠭᠦᠯᠦᠨ ᠵᠢᠭᠡᠯᠡᠭᠦᠯᠦᠭᠰᠡᠨ ᠣᠷᠣᠯᠭ᠎ᠠ 45866 ᠲᠦᠮᠡᠨ ᠲᠥᠭᠦᠷᠢᠭ ᠨᠡᠮᠡᠭᠳᠡᠪᠡ︔ ᠰᠢᠯᠵᠢᠭᠦᠯᠦᠨ ᠣᠷᠣᠭᠤᠯᠬᠤ ᠪᠡᠯᠡ ᠮᠥᠩᠭᠦ ᠶᠢᠨ ᠵᠢᠯ ᠤᠨ ᠡᠬᠢᠨ ᠤ ᠲᠥᠰᠦᠪ 76765 ᠲᠦᠮᠡᠨ ᠲᠥᠭᠦᠷᠢᠭ᠂ 13624 ᠲᠦᠮᠡᠨ ᠲᠥᠭᠦᠷᠢᠭ ᠪᠣᠯᠭᠠᠨ ᠲᠣᠬᠢᠷᠠᠭᠤᠯᠵᠤ᠂ ᠵᠢᠯ ᠤᠨ ᠡᠬᠢᠨ ᠤ ᠲᠥᠰᠦᠪ ᠠᠴᠠ 63141 ᠲᠦᠮᠡᠨ ᠲᠥᠭᠦᠷᠢᠭ  ᠪᠠᠭᠠᠰᠬᠠᠪᠠ᠃      ︵ᠬᠤᠶᠠᠷ︶ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢ ᠲᠣᠬᠢᠷᠠᠭᠤᠯᠤᠭᠰᠠᠨ ᠪᠠᠶᠢᠳᠠᠯ᠃ 2024 ᠣᠨ ᠤ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠎ ᠤᠨ ᠶᠡᠷᠦᠩᠬᠡᠶ ᠵᠠᠷᠤᠯᠭ᠎ᠠ ᠵᠢᠯ ᠤᠨ ᠡᠬᠢᠨ ᠤ ᠲᠥᠰᠦᠪ 699691 ᠲᠦᠮᠡᠨ ᠲᠥᠭᠦᠷᠢᠭ᠂ 690751 ᠲᠦᠮᠡᠨ ᠲᠥᠭᠦᠷᠢᠭ ᠪᠣᠯᠭᠠᠨ ᠲᠣᠬᠢᠷᠠᠭᠤᠯᠵᠤ᠂ ᠵᠢᠯ ᠤᠨ ᠡᠬᠢᠨ ᠤ ᠲᠥᠰᠦᠪ ᠠᠴᠠ 8940 ᠲᠦᠮᠡᠨ ᠲᠥᠭᠦᠷᠢᠭ ᠪᠠᠭᠠᠰᠬᠠᠪᠠ᠃ ᠡᠭᠦᠨ ᠳᠤ᠄ ᠡᠩ ᠤᠨ ᠣᠯᠠᠨ ᠨᠡᠢᠲᠡ ᠶᠢᠨ ᠲᠥᠰᠦᠪ ᠤᠨ ᠵᠠᠷᠤᠯᠭ᠎ᠠ ᠶᠢᠨ ᠵᠢᠯ ᠤᠨ ᠡᠬᠢᠨ ᠤ ᠲᠥᠰᠦᠪ 682362 ᠲᠦᠮᠡᠨ ᠲᠥᠭᠦᠷᠢᠭ᠂ 564109 ᠲᠦᠮᠡᠨ ᠲᠥᠭᠦᠷᠢᠭ ᠪᠣᠯᠭᠠᠨ ᠲᠣᠬᠢᠷᠠᠭᠤᠯᠵᠤ᠂ ᠵᠢᠯ ᠎ ᠤᠨ ᠡᠬᠢᠨ ᠤ ᠲᠥᠰᠦᠪ ᠠᠴᠠ 118253 ᠲᠦᠮᠡᠨ ᠲᠥᠭᠦᠷᠢᠭ ᠪᠠᠭᠠᠰᠬᠠᠪᠠ︔ ᠥᠷᠢ ᠥᠭᠴᠡᠭᠡ ᠶᠢᠨ ᠡᠬᠡ ᠮᠥᠩᠭᠦ ᠶᠢ ᠪᠤᠴᠠᠭᠠᠬᠤ ᠵᠠᠷᠤᠯᠭ᠎ᠠ ᠶᠢ 45627 ᠲᠦᠮᠡᠨ ᠲᠥᠭᠦᠷᠢᠭ ᠪᠣᠯᠭᠠᠨ ᠲᠣᠬᠢᠷᠠᠭᠤᠯᠵᠤ᠂ 41064 ᠲᠦᠮᠡᠨ ᠲᠥᠭᠦᠷᠢᠭ ᠨᠡᠮᠡᠭᠳᠡᠭᠦᠯᠪᠡ︔ ᠲᠥᠰᠦᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠥᠩᠭᠦ ᠶᠢ 68249 ᠲᠦᠮᠡᠨ ᠲᠥᠭᠦᠷᠢᠭ ᠪᠣᠯᠭᠠᠨ ᠲᠣᠬᠢᠷᠠᠭᠤᠯᠪᠠ᠃      ︵ᠭᠤᠷᠪᠠ︶ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠣᠷᠣᠯᠭ᠎ᠠ ᠵᠠᠷᠤᠯᠭ᠎ᠠ ᠶᠢᠨ ᠲᠡᠩᠴᠡᠭᠦᠷᠢ ᠶᠢᠨ ᠪᠠᠢᠳᠠᠯ  ᠃ 2024 ᠣᠨ ᠳᠤ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠲᠣᠬᠢᠷᠠᠭᠤᠯᠤᠯᠲᠠ ᠬᠢᠭᠰᠡᠨ ᠤ ᠳᠠᠷᠠᠭ᠎ᠠ ᠶᠡᠷᠦᠩᠬᠡᠶ ᠣᠷᠣᠯᠭ᠎ᠠ 690751 ᠲᠦᠮᠡᠨ ᠲᠥᠭᠦᠷᠢᠭ᠂ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠲᠣᠬᠢᠷᠠᠭᠤᠯᠤᠯᠲᠠ ᠬᠢᠭᠰᠡᠨ ᠤ ᠳᠠᠷᠠᠭ᠎ᠠ ᠶᠡᠷᠦᠩᠬᠡᠶ ᠵᠠᠷᠤᠯᠭ᠎ᠠ 690751 ᠲᠦᠮᠡᠨ ᠲᠥᠭᠦᠷᠢᠭ᠂ ᠲᠣᠬᠢᠷᠠᠭᠤᠯᠤᠯᠲᠠ ᠬᠢᠭᠰᠡᠨ ᠤ ᠳᠠᠷᠠᠭ᠎ᠠ ᠣᠷᠣᠯᠭ᠎ᠠ ᠵᠠᠷᠤᠯᠭ᠎ᠠ ᠲᠡᠩᠴᠡᠭᠦᠷᠢᠲᠡᠶ ᠪᠤᠯᠪᠠ᠃      ᠬᠤᠶᠠᠷ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠢ ᠲᠤᠭᠢᠷᠠᠭᠤᠯᠤᠭᠰᠠᠨ ᠪᠠᠶᠢᠳᠠᠯ      ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢᠨ ᠵᠢᠯ ᠤᠨ ᠡᠬᠢᠨ ᠤ ᠲᠥᠰᠦᠪ 78225 ᠲᠦᠮᠡᠨ ᠲᠥᠭᠦᠷᠢᠭ᠂ 41424 ᠲᠦᠮᠡᠨ ᠲᠥᠭᠦᠷᠢᠭ ᠪᠣᠯᠭᠠᠨ ᠲᠣᠬᠢᠷᠠᠭᠤᠯᠵᠤ᠂ ᠵᠢᠯ ᠤᠨ ᠡᠬᠢᠨ ᠤ ᠲᠥᠰᠦᠪ ᠠᠴᠠ 36801 ᠬᠠᠰᠤᠭᠳᠠᠪᠠ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠢ ᠲᠣᠬᠢᠷᠠᠭᠤᠯᠤᠭᠰᠠᠨ ᠤ ᠳᠠᠷᠠᠭᠠᠬᠢ ᠣᠷᠣᠯᠭ᠎ᠠ ᠵᠠᠷᠤᠯᠭ᠎ᠠ ᠲᠡᠩᠴᠡᠭᠦᠷᠢᠳᠠᠢ ᠪᠤᠯᠪᠠ᠃      ᠭᠤᠷᠪᠠ᠂ ᠤᠯᠤᠰ ᠤᠨ ᠥᠮᠴᠢᠯᠡᠯ ᠤᠨ ᠭᠦᠷᠦᠩᠭᠡ ᠶᠢᠨ ᠡᠵᠡᠩᠨᠡᠯᠲᠡ ᠶᠢᠨ ᠲᠥᠰᠦᠪ ᠢ ᠲᠣᠭᠢᠷᠠᠭᠤᠯᠣᠭᠰᠠᠨ ᠪᠠᠶᠢᠳᠠᠯ      ᠤᠯᠤᠰ ᠤᠨ ᠦᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢᠨ ᠵᠢᠯ ᠤᠨ ᠡᠬᠢᠨ ᠤ ᠲᠥᠰᠦᠪ 24454 ᠲᠦᠮᠡᠨ ᠲᠥᠭᠦᠷᠢᠭ᠂ 1454 ᠲᠦᠮᠡᠨ ᠲᠥᠭᠦᠷᠢᠭ ᠪᠣᠯᠭᠠᠨ ᠲᠣᠬᠢᠷᠠᠭᠤᠯᠵᠤ᠂ ᠣᠷᠣᠯᠭ᠎ᠠ ᠵᠠᠷᠤᠯᠭ᠎ᠠ ᠶᠢᠨ ᠲᠥᠰᠦᠪ ᠠᠴᠠ 23000 ᠲᠦᠮᠡᠨ ᠲᠥᠭᠦᠷᠢᠭ ᠲᠣᠬᠢᠷᠠᠭᠤᠯᠤᠨ ᠬᠠᠰᠤᠪᠠ᠃ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠲᠣᠬᠢᠷᠠᠭᠤᠯᠤᠭᠰᠠᠨ ᠤ ᠳᠠᠷᠠᠭᠠᠬᠢ ᠣᠷᠣᠯᠭ᠎ᠠ ᠵᠠᠷᠤᠯᠭ᠎ᠠ ᠲᠡᠩᠴᠡᠭᠦᠷᠢᠳᠠᠢ ᠪᠤᠯᠪᠠ᠃      ᠳᠥᠷᠪᠡ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠲᠥᠰᠦᠪ ᠲᠤ ᠲᠣᠬᠢᠷᠠᠭᠤᠯᠤᠯᠲᠠ ᠬᠢᠭᠰᠡᠨ ᠪᠠᠶᠢᠳᠠᠯ      ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠵᠢᠯ ᠤᠨ ᠡᠬᠢᠨ ᠤ ᠲᠥᠰᠦᠪ ᠤᠨ ᠣᠷᠣᠯᠭ᠎ᠠ ᠨᠡᠶᠢᠲᠡ 38754 ᠲᠦᠮᠡᠨ ᠲᠥᠭᠦᠷᠢᠭ᠂ 38945 ᠲᠦᠮᠡᠨ ᠲᠥᠭᠦᠷᠢᠭ ᠪᠣᠯᠭᠠᠨ ᠲᠣᠬᠢᠷᠠᠭᠤᠯᠵᠤ᠂ 191 ᠲᠦᠮᠡᠨ ᠲᠥᠭᠦᠷᠢᠭ ᠨᠡᠮᠡᠭᠳᠡᠭᠦᠯᠪᠡ᠃ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠵᠠᠷᠤᠯᠭ᠎ᠠ ᠶᠢᠨ ᠵᠢᠯ ᠤᠨ ᠡᠬᠢᠨ ᠎ ᠤ ᠲᠥᠰᠦᠪ 38083 ᠲᠦᠮᠡᠨ ᠲᠥᠭᠦᠷᠢᠭ᠂ ᠲᠥᠰᠦᠪ ᠤᠨ ᠦᠯᠡᠳᠡᠪᠦᠷᠢ 671 ᠲᠦᠮᠡᠨ ᠲᠥᠭᠦᠷᠢᠭ᠂ 38945 ᠲᠦᠮᠡᠨ ᠲᠥᠭᠦᠷᠢᠭ ᠪᠣᠯᠭᠠᠨ ᠲᠣᠬᠢᠷᠠᠭᠤᠯᠵᠤ᠂ 191 ᠲᠦᠮᠡᠨ ᠲᠥᠭᠦᠷᠢᠭ ᠨᠡᠮᠡᠭᠳᠡᠭᠦᠯᠪᠡ᠃ ᠨᠡᠶᠢᠭᠡᠮ ᠎ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠢ ᠲᠣᠬᠢᠷᠠᠭᠤᠯᠤᠭᠰᠠᠨ ᠤ ᠳᠠᠷᠠᠭᠠᠬᠢ ᠣᠷᠣᠯᠭ᠎ᠠ ᠵᠠᠷᠤᠯᠭ᠎ᠠ ᠲᠡᠩᠴᠡᠭᠦᠷᠢᠳᠠᠢ ᠪᠤᠯᠪᠠ᠃      ᠲᠠᠪᠤ᠂ ᠬᠢᠨᠠᠨ ᠪᠠᠶᠢᠴᠠᠭᠠᠭᠰᠠᠨ ᠪᠠᠶᠢᠳᠠᠯ ᠵᠢᠴᠢ ᠰᠠᠨᠠᠭᠤᠯᠭ᠎ᠠ      ᠲᠥᠰᠦᠪ ᠤᠨ ᠲᠣᠬᠢᠷᠠᠭᠤᠯᠤᠯᠲᠠ ᠬᠢᠭᠡᠳ ᠲᠥᠰᠦᠪ ᠤᠨ ᠲᠣᠬᠢᠷᠠᠭᠤᠯᠭ᠎ᠠ ᠶᠢ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠵᠠᠭᠠᠭᠯᠠᠨ ᠲᠣᠭᠲᠠᠭᠠᠭᠰᠠᠨ ᠨᠢ ᠣᠨᠣᠪᠴᠢ ᠦᠭᠡᠶ᠂ ᠡᠯ᠎ᠡ ᠲᠥᠰᠦᠪ ᠤᠨ ᠨᠢᠭᠡᠴᠡ ᠶᠢᠨ ᠲᠥᠰᠦᠪ ᠤᠨ ᠲᠣᠬᠢᠷᠠᠭᠤᠯᠭ᠎ᠠ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠎ ᠤ ᠬᠢᠨᠠᠨ ᠵᠥᠪᠰᠢᠶᠡᠷᠡᠬᠦ ᠬᠡᠪᠴᠢᠶᠡᠨ ᠳᠤ ᠬᠠᠷᠢᠶᠠᠯᠠᠭᠳᠠᠬᠤ ᠦᠭᠡᠶ᠃ ︽ᠲᠥᠰᠦᠪ ᠤᠨ ᠬᠠᠤᠯᠢ︾᠎ ᠶᠢᠨ ︽ᠵᠢᠷᠠᠨ ᠳᠣᠯᠣᠳᠤᠭᠠᠷ ᠵᠦᠢᠯ    ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠵᠥᠪᠰᠢᠶᠡᠷᠡᠭᠦᠯᠦᠭᠰᠡᠨ ᠲᠥᠪ ᠤᠨ ᠲᠥᠰᠦᠪ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠵᠥᠪᠰᠢᠶᠡᠷᠡᠭᠦᠯᠦᠭᠰᠡᠨ ᠣᠷᠣᠨ ᠨᠤᠲᠤᠭ ᠤᠨ ᠡᠯ᠎ᠡ ᠱᠠᠲᠤᠨ ᠤ ᠲᠥᠰᠦᠪ ᠎ ᠢ ᠭᠦᠢᠴᠡᠳᠬᠡᠬᠦ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠭᠠᠷᠪᠠᠯ᠂ ᠲᠥᠰᠦᠪ ᠤᠨ ᠲᠤᠭᠢᠷᠠᠭᠤᠯᠤᠯᠳᠠ ᠬᠢᠬᠦ ᠬᠡᠷᠡᠭᠲᠡᠢ᠄ ︵ᠨᠢᠭᠡ︶ ᠲᠥᠰᠦᠪ ᠤᠨ ᠶᠡᠷᠦᠩᠬᠡᠢ ᠵᠠᠷᠤᠯᠭ᠎ᠠ ᠶᠢ ᠨᠡᠮᠡᠭᠳᠡᠭᠦᠯᠬᠦ ᠪᠤᠶᠤ ᠪᠠᠭᠠᠰᠬᠠᠬᠤ ᠴᠢᠬᠤᠯᠠᠲᠠᠢ ᠪᠠᠶᠢᠬᠤ︔ ︵ᠬᠤᠶᠠᠷ︶ ᠲᠥᠰᠦᠪ ᠤᠨ ᠲᠣᠭᠲᠠᠭᠤᠨ ᠢ ᠲᠣᠬᠢᠷᠠᠭᠤᠯᠬᠤ ᠰᠠᠭᠤᠷᠢ ᠮᠥᠩᠭᠦ ᠶᠢ ᠰᠢᠯᠵᠢᠭᠦᠯᠦᠨ ᠣᠷᠣᠭᠤᠯᠬᠤ ᠴᠢᠬᠤᠯᠠᠲᠠᠶ ᠪᠠᠶᠢᠬᠤ︔ ︵ᠭᠤᠷᠪᠠ︶ ᠲᠥᠰᠦᠪ ᠲᠤ ᠲᠤᠬᠢᠷᠠᠭᠤᠯᠤᠭᠰᠠᠨ ᠭᠤᠣᠯᠳᠠᠯᠭ᠎ᠠ ᠲᠠᠢ ᠵᠠᠷᠤᠯᠭ᠎ᠠ ᠶᠢᠨ ᠲᠤᠭ᠎ᠠ ᠶᠢ ᠲᠤᠬᠢᠷᠠᠭᠤᠯᠤᠨ ᠬᠠᠰᠤᠬᠤ ᠴᠢᠬᠤᠯᠠᠲᠠᠢ ᠪᠠᠶᠢᠬᠤ︔ ︵ᠲᠦᠷᠪᠡ︶ ᠵᠢᠭᠡᠯᠡᠯᠭᠡ ᠠᠪᠬᠤ ᠲᠤᠭ᠎ᠠ ᠶᠢ ᠨᠡᠮᠡᠭᠳᠡᠭᠦᠯᠬᠦ ᠴᠢᠬᠤᠯᠠᠲᠠᠢ ᠪᠠᠶᠢᠬᠤ︾᠎ ᠳᠤ ᠲᠥᠰᠦᠪ ᠢ ᠲᠤᠬᠢᠷᠠᠭᠤᠯᠬᠤ ᠠᠭᠤᠯᠭ᠎ᠠ ᠶᠢ ᠲᠣᠭᠲᠠᠭᠠᠵᠤ᠂ ᠲᠥᠰᠦᠪ ᠢ ᠲᠤᠬᠢᠷᠠᠭᠤᠯᠬᠤ ᠶᠢ ᠬᠢᠨᠠᠨ ᠵᠥᠪᠰᠢᠶᠡᠷᠡᠬᠦ ᠡᠷᠬᠡ ᠶᠢᠨ ᠬᠡᠪᠴᠢᠶ᠎ᠡ ᠨᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠠᠷᠢᠶᠠᠯᠠᠭᠳᠠᠨ᠎ᠠ︔ ᠲᠥᠰᠦᠪ ᠤᠨ ᠲᠤᠬᠢᠷᠠᠭᠤᠯᠤᠯᠳᠠ ᠶᠢᠨ ᠬᠢᠨᠠᠨ ᠵᠥᠪᠰᠢᠶᠡᠷᠡᠬᠦ ᠡᠷᠬᠡ ᠶᠢᠨ ᠬᠡᠪᠴᠢᠶ᠎ᠡ ᠨᠢ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠲᠥᠰᠦᠪ ᠤᠨ ᠰᠠᠯᠠᠭ᠎ᠠ ᠮᠥᠴᠢᠷ ᠲᠤ ᠬᠠᠷᠢᠶᠠᠯᠠᠭᠳᠠᠨ᠎ᠠ᠂ ᠲᠥᠰᠦᠪ ᠤᠨ ᠲᠤᠬᠢᠷᠠᠭᠤᠯᠤᠯᠳᠠ ᠶᠢᠨ ᠮᠡᠳᠡᠭᠦᠯᠦᠯᠲᠡ ᠳᠤ ᠲᠥᠰᠦᠪ ᠤᠨ ᠲᠤᠬᠢᠷᠠᠭᠤᠯᠤᠯᠳᠠ ᠶᠢᠨ ᠠᠭᠤᠯᠭ᠎ᠠ ᠶᠢ ᠲᠤᠰᠬᠠᠬᠤ ᠴᠢᠬᠤᠯᠠ ᠦᠭᠡᠢ᠃      ︵ᠬᠤᠶᠠᠷ︶ ᠡᠩ ᠤᠨ ᠣᠯᠠᠨ ᠨᠡᠶᠢᠲᠡ ᠶᠢᠨ ᠲᠥᠰᠦᠪ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠵᠢᠯ ᠤᠨ ᠡᠬᠢᠨ ᠎ ᠳᠤ ᠨᠠᠶᠢᠷᠠᠭᠤᠯᠤᠨ ᠵᠣᠬᠢᠶᠠᠭᠰᠠᠨ ᠨᠢ ᠣᠨᠣᠪᠴᠢ ᠦᠭᠡᠶ᠂ ᠲᠣᠬᠢᠷᠠᠭᠤᠯᠬᠤ ᠬᠠᠷᠢᠴᠠᠯ ᠨᠢ ᠶᠡᠭᠡ ᠪᠠᠶᠢᠬᠤ᠃ ᠡᠩ ᠤᠨ ᠣᠯᠠᠨ ᠨᠡᠶᠢᠲᠡ ᠶᠢᠨ ᠲᠥᠰᠦᠪ ᠲᠤ ︽ᠪᠤᠰᠤᠳ ᠵᠠᠷᠤᠯᠭ᠎ᠠ︾᠎ ᠳᠤ 1617.7 ᠲᠦᠮᠡᠨ ᠲᠥᠭᠦᠷᠢᠭ ᠲᠣᠬᠢᠷᠠᠭᠤᠯᠤᠯᠲᠠ ᠬᠢᠵᠦ᠂ 3235%᠎ ᠶᠢᠨ ᠬᠠᠷᠢᠴᠠᠯ ᠢ ᠳᠣᠭᠢᠷᠠᠭᠤᠯᠪᠠ︔ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢ ᠵᠢᠯ ᠤᠨ ᠡᠬᠢᠨ ᠤ ᠲᠥᠰᠦᠪ 7825 ᠪᠠᠶᠢᠭᠰᠠᠨ ᠎ ᠠᠴᠠ 41424 ᠲᠦᠮᠡᠨ ᠲᠥᠭᠦᠷᠢᠭ ᠪᠣᠯᠭᠠᠨ ᠲᠣᠬᠢᠷᠠᠭᠤᠯᠪᠠ︔ ᠤᠯᠤᠰ ᠤᠨ ᠦᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢ ᠵᠢᠯ ᠤᠨ ᠡᠬᠢᠨ ᠤ ᠲᠥᠰᠦᠪ 24454 ᠲᠦᠮᠡᠨ ᠲᠥᠭᠦᠷᠢᠭ ᠪᠠᠶᠢᠭᠰᠠᠨ ᠠᠴᠠ 1454 ᠲᠦᠮᠡᠨ ᠲᠥᠭᠦᠷᠢᠭ ᠪᠣᠯᠭᠠᠨ ᠲᠤᠬᠢᠷᠠᠭᠤᠯᠪᠠ᠃ ᠬᠡᠰᠡᠭ ᠲᠥᠰᠦᠪ ᠤᠨ ᠲᠣᠬᠢᠷᠠᠭᠤᠯᠤᠯᠲᠠ ᠶᠢᠨ ᠬᠠᠷᠢᠴᠠᠯ ᠬᠡᠲᠦ ᠶᠡᠭᠡ ᠪᠠᠶᠢᠬᠤ ᠨᠢ ᠵᠢᠯ ᠤᠨ ᠡᠬᠢᠨ ᠤ ᠲᠥᠰᠦᠪ ᠢ ᠨᠠᠶᠢᠷᠠᠭᠤᠯᠤᠨ ᠵᠣᠬᠢᠶᠠᠬᠤ ᠶᠢ ᠰᠢᠨᠵᠢᠯᠡᠬᠦ ᠤᠬᠠᠭᠠᠨᠴᠢᠯᠠᠬᠤ᠂ ᠨᠠᠷᠢᠯᠢᠬᠵᠢᠭᠤᠯᠬᠤ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠶ ᠪᠠᠶᠢᠬᠤ ᠎ ᠶᠢ ᠬᠠᠷᠠᠭᠤᠯᠵᠤ ᠪᠠᠶᠢᠨ᠎ᠠ᠃ ︽ᠲᠥᠰᠦᠪ ᠢ ᠭᠦᠢᠴᠡᠳᠬᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠡᠳ᠋ ᠤᠨ ᠵᠠᠰᠠᠭ ᠤᠨ ᠶᠠᠮᠤᠨ ᠤ ᠵᠢᠯᠣᠭᠤᠳᠬᠤ ᠰᠠᠨᠠᠯ︾ ︵ᠡᠳ᠋ ᠲᠥᠰᠦᠪ 201011 ᠳ᠋ᠦ᠋ᠭᠡᠷ ᠲᠣᠭᠠᠲᠤ︶᠎ ᠤᠨ ︽ᠲᠥᠰᠦᠪ ᠢ ᠨᠠᠶᠢᠷᠠᠭᠤᠯᠤᠨ ᠵᠣᠬᠢᠶᠠᠬᠤ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠲᠥᠰᠦᠪ ᠢ ᠨᠠᠶᠢᠷᠠᠭᠤᠯᠤᠨ ᠵᠣᠬᠢᠶᠠᠬᠤ ᠪᠠ ᠲᠥᠰᠦᠪ ᠢ ᠭᠦᠢᠴᠡᠳᠬᠡᠬᠦ ᠶᠢᠨ ᠬᠠᠷᠢᠴᠠᠭ᠎ᠠ ᠨᠢᠭᠲᠠ ᠪᠠᠶᠢᠵᠤ᠂ ᠡᠯ᠎ᠡ ᠭᠠᠵᠠᠷ ᠣᠷᠣᠨ ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠨᠦᠭᠦᠳ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠲᠥᠰᠦᠪ ᠢ ᠤᠯᠠᠮ ᠨᠢᠭᠡ ᠠᠯᠬᠤᠮ ᠨᠠᠷᠢᠯᠢᠭ᠂ ᠪᠣᠳᠠᠲᠠᠢ᠂ ᠣᠨᠣᠪᠴᠢᠲᠠᠢ ᠬᠢᠵᠦ᠂ ᠲᠥᠰᠦᠪ ᠢ ᠭᠦᠢᠴᠡᠳᠬᠡᠬᠦ ᠳᠤ ᠰᠠᠶᠢᠨ ᠰᠠᠭᠤᠷᠢ ᠲᠠᠯᠪᠢᠵᠤ ᠥᠭᠬᠦ ᠬᠡᠷᠡᠭᠲᠡᠢ︾ ᠭᠡᠰᠡᠨ ᠲᠣᠭᠲᠠᠭᠠᠯ ᠭᠠᠷᠭᠠᠭᠰᠠᠨ ᠪᠥᠭᠡᠳ ᠪᠤᠰᠤᠳ ᠵᠠᠷᠤᠯᠭ᠎ᠠ ᠶᠢ 1617.7 ᠲᠦᠮᠡᠨ ᠲᠥᠭᠦᠷᠢᠭ ᠲᠣᠬᠢᠷᠠᠭᠤᠯᠬᠤ ᠲᠤᠬᠠᠢ ᠲᠣᠳᠣᠷᠬᠠᠶᠢᠯᠠᠯᠲᠠ ᠬᠢᠭᠰᠡᠨ ᠪᠠᠶᠢᠨ᠎ᠠ  ᠃      ︵ᠭᠤᠷᠪᠠ︶ 2024 ᠣᠨ ᠳᠤ ᠨᠢᠭᠡᠨᠲᠡ ᠴᠣᠬᠤᠯᠠᠪᠤᠷᠢᠯᠠᠨ ᠬᠠᠷᠢᠭᠤᠯᠤᠭᠰᠠᠨ ᠲᠥᠰᠦᠪ ᠤᠨ ᠭᠦᠢᠴᠡᠳᠬᠡᠬᠦ ᠲᠤᠭ᠎ᠠ ᠶᠢ 129858 ᠲᠦᠮᠡᠨ ᠲᠥᠭᠦᠷᠢᠭ ᠨᠡᠬᠡᠮᠵᠢᠯᠡᠨ ᠬᠠᠰᠤᠵᠤ᠂ ᠲᠥᠰᠦᠪ ᠤᠨ ᠭᠦᠢᠴᠡᠳᠬᠡᠬᠦ ᠲᠤᠭ᠎ᠠ ᠳᠤ ᠭᠠᠴᠠᠭ᠎ᠠ ᠲᠣᠰᠬᠤᠨ ᠤ ᠱᠠᠲᠤᠨ ᠤ ᠠᠵᠢᠯᠲᠠᠨ ᠤ ᠴᠠᠯᠢᠩ᠂ ᠵᠠᠷᠤᠳᠠᠯ ᠪᠠᠭᠲᠠᠨ᠎ᠠ᠂ ᠭᠠᠴᠠᠭ᠎ᠠ ᠲᠣᠰᠬᠤᠨ ᠤ ᠱᠠᠲᠤᠨ ᠎ ᠤ ᠵᠣᠬᠢᠶᠠᠨ ᠪᠠᠶᠢᠭᠤᠯᠤᠯᠲᠠ ᠶᠢᠨ ᠲᠥᠰᠦᠪ ᠤᠨ ᠭᠦᠢᠴᠡᠳᠬᠡᠬᠦ ᠲᠤᠭ᠎ᠠ ᠶᠢ ᠲᠣᠬᠢᠷᠠᠭᠤᠯᠤᠨ ᠬᠠᠰᠤᠭᠰᠠᠨ ᠠᠴᠠ ᠪᠣᠯᠵᠤ ᠬᠡᠪ ᠤᠨ ᠲᠤᠬᠠᠶᠢᠯᠠᠭᠰᠠᠨ ᠠᠵᠢᠯ ᠤᠨ ᠠᠵᠢᠯᠯᠠᠭᠠᠨ ᠢ ᠠᠳᠠᠯᠢ ᠪᠤᠰᠤ ᠬᠡᠮᠵᠢᠶ᠎ᠡ ᠪᠠᠷ ᠨᠥᠯᠥᠭᠡᠯᠡᠬᠦ ᠪᠣᠯᠤᠨ᠎ᠠ᠃ ︽ᠲᠥᠰᠦᠪ ᠤᠨ ᠬᠠᠤᠯᠢ︾᠎ ᠶᠢᠨ ︽ᠭᠤᠴᠢᠨ ᠳᠣᠯᠣᠳᠤᠭᠠᠷ ᠵᠦᠢᠯ   ᠡᠯ᠎ᠡ ᠱᠠᠲᠤᠨ ᠤ ᠲᠥᠰᠦᠪ ᠤᠨ ᠵᠠᠷᠤᠯᠭ᠎ᠠ ᠎ ᠶᠢ ᠲᠤᠰ ᠬᠠᠤᠯᠢ ᠶᠢᠨ ᠲᠣᠭᠲᠠᠭᠠᠯ ᠶᠣᠰᠣᠭᠠᠷ ᠴᠢᠳᠠᠮᠵᠢ ᠪᠠ ᠠᠵᠤ ᠠᠬᠤᠢ ᠶᠢᠨ ᠰᠢᠨᠵᠢ ᠴᠢᠨᠠᠷ ᠢᠶᠠᠷ ᠨᠢ ᠲᠦᠷᠦᠯ ᠬᠤᠪᠢᠶᠠᠨ ᠨᠠᠶᠢᠷᠠᠭᠤᠯᠤᠨ ᠵᠣᠬᠢᠶᠠᠬᠤ ᠬᠡᠷᠡᠭᠲᠡᠢ᠃ ᠡᠯ᠎ᠡ ᠱᠠᠲᠤᠨ ᠤ ᠤᠯᠠᠨ ᠨᠡᠶᠢᠲᠡ ᠶᠢᠨ ᠡᠩ ᠤᠨ ᠲᠥᠰᠦᠪ ᠤᠨ ᠵᠠᠷᠤᠯᠭ᠎ᠠ ᠶᠢ ᠨᠠᠶᠢᠷᠠᠭᠤᠯᠤᠨ ᠵᠣᠬᠢᠶᠠᠬᠤ ᠳᠠᠭᠠᠨ ᠨᠢᠭᠡᠳᠦᠯᠲᠡᠢ ᠲᠥᠯᠥᠪᠯᠡᠨ ᠨᠡᠶᠢᠳᠡ ᠳᠤᠨᠢ ᠬᠠᠷᠠᠭᠠᠯᠵᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠵᠦᠢ ᠵᠣᠬᠢᠰᠲᠠᠢ ᠬᠡᠷᠡᠭᠴᠡᠭᠡ ᠶᠢ ᠪᠠᠲᠤᠯᠠᠬᠤ ᠤᠷᠢᠲᠠᠯ ᠤᠨ ᠳᠣᠣᠷ᠎ᠠ᠂ ᠤᠯᠤᠰ ᠠᠴᠠ ᠲᠣᠭᠲᠠᠭᠠᠭᠰᠠᠨ ᠭᠤᠣᠯᠳᠠᠯᠭ᠎ᠠ ᠲᠠᠢ ᠵᠠᠷᠤᠯᠭ᠎ᠠ ᠶᠢ ᠤᠷᠢᠳ ᠢᠶᠠᠷ ᠲᠤᠬᠢᠷᠠᠭᠤᠯᠬᠤ ᠬᠡᠷᠡᠭᠲᠡᠢ︾ ᠭᠡᠬᠦ ᠲᠣᠭᠲᠠᠭᠠᠯ ᠳᠤ ᠨᠡᠶᠢᠴᠡᠬᠦ ᠦᠭᠡᠢ᠃      ︵ᠳᠦᠷᠪᠡ︶ ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ ᠣᠷᠣᠯᠭ᠎ᠠ 323591 ᠲᠦᠮᠡᠨ ᠲᠥᠭᠦᠷᠢᠭ᠂ ᠦᠯᠡᠳᠡᠪᠦᠷᠢ ᠪᠡᠯᠡ ᠮᠥᠩᠭᠦ ᠶᠢ ᠬᠠᠤᠯᠢ ᠲᠣᠭᠲᠠᠭᠠᠯ ᠶᠣᠰᠣᠭᠠᠷ ᠴᠠᠭ ᠲᠤᠬᠠᠢ ᠳᠤᠨᠢ ᠲᠤᠬᠢᠷᠠᠭᠤᠯᠤᠨ ᠬᠡᠷᠡᠭᠯᠡᠨ᠎ᠡ᠃ ︽ᠲᠥᠰᠦᠪ ᠤᠨ ᠬᠠᠤᠯᠢ︾᠎ ᠶᠢᠨ ︽ᠲᠡᠪᠢᠠ ᠳᠣᠯᠣᠳᠤᠭᠠᠷ ᠵᠦᠢᠯ   ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠷᠬᠡᠪᠰᠢ ᠲᠥᠰᠦᠪ ᠤᠨ ᠵᠠᠷᠤᠯᠭ᠎ᠠ ᠶᠢᠨ ᠪᠡᠯᠠ ᠮᠥᠩᠭᠦ ᠶᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠎ ᠤᠨ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠴᠠᠭ ᠲᠤᠬᠠᠢ ᠳᠤᠨᠢ ᠲᠤᠭ᠎ᠠ ᠶᠣᠰᠣᠭᠠᠷ ᠰᠢᠯᠵᠢᠭᠦᠯᠦᠨ ᠥᠭᠴᠦ᠂ ᠲᠥᠰᠦᠪ ᠤᠨ ᠵᠠᠷᠤᠯᠭ᠎ᠠ ᠶᠢᠨ ᠬᠠᠮᠢᠶᠠᠷᠤᠯᠲᠠ ᠬᠢᠨᠠᠯᠲᠠ ᠪᠠᠨ ᠴᠢᠩᠭᠠᠳᠬᠠᠬᠤ ᠬᠡᠷᠡᠭᠲᠡᠢ᠃ ᠳᠥᠴᠢᠨ ᠬᠤᠶᠠᠳᠤᠭᠠᠷ ᠵᠦᠢᠯ  ᠡᠯ᠎ᠡ ᠱᠠᠲᠤᠨ ᠤ ᠵᠠᠰᠠᠭ ᠤᠨ ᠣᠷᠳᠣᠨ ᠤ ᠲᠦᠷᠦᠭᠦᠦ ᠨᠢᠭᠡ ᠵᠢᠯ ᠤᠨ ᠲᠥᠰᠦᠪ ᠤᠨ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠶᠢ ᠳᠠᠷᠠᠭ᠎ᠠ ᠨᠢᠭᠡ ᠵᠢᠯ ᠳᠤ ᠳ᠋ᠦᠩᠨᠡᠨ ᠰᠢᠯᠵᠢᠭᠦᠯᠦᠭᠰᠡᠨ ᠵᠦᠢᠯ ᠤᠨ ᠵᠠᠷᠤᠯᠭ᠎ᠠ ᠳᠤ ᠬᠡᠷᠡᠭᠯᠡᠬᠦ ᠬᠡᠷᠡᠭᠲᠡᠢ︔ ᠬᠤᠶᠠᠷ ᠵᠢᠯ ᠳᠠᠷᠠᠭᠠᠯᠠᠨ ᠬᠡᠷᠡᠭᠯᠡᠵᠦ ᠳᠠᠭᠤᠰᠤᠭᠰᠠᠨ ᠦᠭᠡᠢ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠶᠢ ᠦᠯᠡᠳᠡᠪᠦᠷᠢ ᠪᠡᠯᠡ ᠮᠥᠩᠭᠦ ᠪᠠᠷ ᠬᠠᠮᠢᠶᠠᠷᠬᠤ ᠬᠡᠷᠡᠭᠲᠡᠢ︾ ᠭᠡᠬᠦ ᠲᠣᠭᠲᠠᠭᠠᠯ ᠳᠤ ᠨᠡᠶᠢᠴᠡᠬᠦ ᠦᠭᠡᠢ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠲᠦᠷᠦᠭᠦᠦ ᠨᠢᠭᠡ ᠵᠢᠯ ᠤᠨ ᠲᠥᠰᠦᠪ ᠤᠨ ᠳ᠋ᠦᠩᠨᠡᠨ ᠰᠢᠯᠵᠢᠭᠦᠯᠦᠭᠰᠡᠨ ᠂ ᠦᠯᠡᠳᠡᠪᠦᠷᠢ ᠪᠡᠯᠡ ᠮᠥᠩᠭᠦ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠎ ᠤᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃      ︵ᠲᠠᠪᠤ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠦᠭᠡᠢ ᠪᠠᠷ ᠲᠥᠰᠦᠪ ᠤᠨ ᠭᠦᠢᠴᠡᠳᠬᠡᠬᠦ ᠲᠤᠭ᠎ᠠ ᠶᠢ ᠤᠷᠢᠳᠴᠢᠯᠠᠨ ᠪᠠᠭᠤᠯᠭᠠᠭᠰᠠᠨ᠃ ᠵᠠᠰᠠᠭ ᠎ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠲᠤ ᠲᠣᠬᠢᠷᠠᠭᠤᠯᠤᠯᠲᠠ ᠬᠢᠬᠦ ᠲᠥᠷᠥᠯ ᠵᠦᠶᠯ ᠳᠤ 495 ᠲᠦᠮᠡᠨ ᠲᠥᠭᠦᠷᠢᠭ ᠤᠨ ᠭᠦᠶᠴᠡᠳᠬᠡᠬᠦ ᠲᠤᠭ᠎ᠠ ᠶᠢ ᠤᠷᠢᠳᠴᠢᠯᠠᠨ ᠪᠠᠭᠤᠯᠭᠠᠪᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ ᠶᠢ ᠬᠡᠷᠡᠭᠵᠢᠭᠦᠯᠬᠦ ᠳᠦᠷᠢᠮ︾᠎ ᠤᠨ ᠵᠢᠷᠠᠳᠤᠭᠠᠷ ᠵᠦᠢᠯ ᠤᠨ ︽ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠲᠥᠰᠦᠪ ᠤᠨ ᠵᠠᠷᠤᠯᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠲᠥᠰᠦᠪ ᠢ ᠴᠢᠩᠭ᠎ᠠ ᠬᠡᠷᠡᠭᠵᠢᠭᠦᠯᠦᠨ᠂ ᠡᠳ᠋ ᠤᠨ ᠵᠠᠰᠠᠭ ᠤᠨ ᠳᠦᠷᠢᠮ ᠢ ᠵᠢᠷᠤᠮᠯᠠᠵᠤ᠂ ᠲᠥᠰᠦᠪ ᠤᠨ ᠬᠢᠵᠠᠭᠠᠷᠯᠠᠯ ᠢ ᠴᠢᠩᠭᠠᠳᠬᠠᠬᠤ ᠬᠡᠷᠡᠭᠲᠡᠢ᠂ ᠳᠤᠷ᠎ᠠ ᠪᠠᠷ ᠢᠶᠠᠨ ᠵᠠᠷᠤᠯᠭ᠎ᠠ ᠶᠢᠨ ᠬᠡᠪᠴᠢᠶ᠎ᠡ ᠎ ᠶᠢ ᠥᠷᠭᠡᠳᠬᠡᠵᠦ᠂ ᠵᠠᠷᠤᠯᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠪᠣᠯᠬᠤ ᠦᠭᠡᠢ︔ ᠲᠥᠰᠦᠪ ᠲᠤ ᠲᠣᠭᠲᠠᠭᠠᠭᠰᠠᠨ ᠵᠠᠷᠤᠯᠭ᠎ᠠ ᠶᠢᠨ ᠬᠡᠷᠡᠭᠴᠡᠭᠡ ᠶᠢ ᠴᠢᠩᠭ᠎ᠠ ᠵᠢᠷᠤᠮᠯᠠᠨ ᠪᠡᠯᠡ ᠮᠥᠩᠭᠦ ᠶᠢ ᠬᠡᠷᠡᠭᠯᠡᠵᠦ᠂ ᠵᠠᠷᠤᠯᠭ᠎ᠠ ᠶᠢᠨ ᠠᠬᠢᠴᠠ ᠶᠢ ᠵᠦᠢ ᠵᠣᠬᠢᠰᠲᠠᠢ ᠲᠤᠬᠢᠷᠠᠭᠤᠯᠤᠨ᠎ᠠ︾ ︽ᠲᠥᠰᠦᠪ ᠤᠨ ᠬᠠᠤᠯᠢ︾᠎ ᠶᠢᠨ ︽ᠠᠷᠪᠠᠨ ᠭᠤᠷᠪᠠᠳᠤᠭᠠᠷ ᠵᠦᠢᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠵᠥᠪᠰᠢᠶᠡᠷᠡᠭᠦᠯᠦᠭᠰᠡᠨ ᠲᠥᠰᠦᠪ ᠢ ᠬᠠᠤᠯᠢ ᠪᠠᠷ ᠲᠣᠭᠲᠠᠭᠠᠭᠰᠠᠨ ᠵᠢᠷᠤᠮ ᠢ ᠳᠠᠮᠵᠢᠬᠤ ᠦᠭᠡᠢ ᠪᠠᠷ ᠲᠤᠬᠢᠷᠠᠭᠤᠯᠵᠤ ᠪᠣᠯᠬᠤ ᠦᠭᠡᠢ᠃ ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠵᠠᠷᠤᠯᠭ᠎ᠠ ᠨᠢ ᠡᠷᠬᠡᠪᠰᠢ ᠵᠥᠪᠰᠢᠶᠡᠷᠡᠭᠦᠯᠦᠭᠰᠡᠨ ᠲᠥᠰᠦᠪ ᠎ ᠢᠶᠠᠷ ᠦᠨᠳᠦᠰᠦᠯᠡᠯ ᠪᠣᠯᠭᠠᠬᠤ ᠬᠡᠷᠡᠭᠲᠡᠢ᠂ ᠲᠥᠰᠦᠪ ᠲᠤ ᠣᠷᠣᠭᠤᠯᠤᠭᠰᠠᠨ ᠦᠭᠡᠢ ᠪᠣᠯ ᠵᠠᠷᠤᠴᠠᠭᠤᠯᠵᠤ ᠪᠣᠯᠬᠤ ᠦᠭᠡᠢ︾ ᠭᠡᠬᠦ ᠲᠣᠭᠲᠠᠭᠠᠯ ᠳᠤ ᠨᠡᠶᠢᠴᠡᠬᠦ ᠦᠭᠡᠢ᠃      ︵ᠵᠢᠷᠭᠤᠭ᠎ᠠ︶ ᠲᠣᠰ ᠵᠢᠯ ᠤᠨ ᠲᠥᠰᠦᠪ ᠤᠨ ᠲᠣᠬᠢᠷᠠᠭᠤᠯᠤᠯᠲᠠ ᠶᠢᠨ ᠬᠤᠭᠤᠴᠠᠭᠠᠲᠤ ᠴᠢᠨᠠᠷ ᠴᠢᠩᠭ᠎ᠠ ᠪᠤᠰᠤ᠃ ᠲᠥᠰᠦᠪ ᠤᠨ ᠲᠣᠬᠢᠷᠠᠭᠤᠯᠤᠯᠲᠠ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠭᠰᠡᠨ ᠦᠭᠡᠶ ᠨᠢ ᠰᠠᠯᠠᠭ᠎ᠠ ᠮᠥᠴᠢᠷ ᠤᠨ ᠣᠨ ᠤ ᠲᠥᠰᠦᠪ ᠤᠨ ᠬᠠᠷᠠᠯᠲᠠ ᠶᠢᠨ ᠥᠷᠨᠢᠬᠦ ᠪᠠ ᠪᠡᠶᠡᠯᠡᠭᠳᠡᠬᠦ ᠶᠢ ᠨᠥᠯᠥᠭᠡᠯᠡᠵᠦ ᠪᠠᠶᠢᠪᠠᠯ᠂ ᠡᠳ᠋ ᠎ ᠤᠨ ᠵᠠᠰᠠᠭ ᠠᠴᠠ ᠡᠷᠲᠡᠬᠡᠨ ᠮᠡᠳᠡᠭᠦᠯᠦᠨ ᠬᠦᠷᠭᠡᠵᠦ ᠬᠢᠨᠠᠨ ᠵᠥᠪᠯᠡᠭᠦᠯᠬᠦ ᠬᠡᠷᠡᠭᠲᠡᠶ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾᠎ ᠶᠢᠨ ᠵᠢᠷᠠ ᠶᠢᠰᠦᠳᠦᠭᠡᠷ ᠵᠦᠢᠯ ᠤᠨ ︽ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠤᠨ ᠪᠠᠶᠢᠭᠤᠯᠤᠮᠵᠢ ᠦᠭᠡᠢ ᠬᠤᠳᠠ᠂ ᠬᠤᠳᠠ ᠶᠢᠨ ᠬᠠᠷᠢᠶ᠎ᠠ ᠲᠣᠭᠤᠷᠢᠭ ᠎ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠵᠤ ᠲᠥᠰᠦᠪ ᠤᠨ ᠲᠤᠭᠢᠷᠠᠭᠤᠯᠤᠯᠳᠠ ᠶᠢᠨ ᠲᠥᠰᠦᠯ ᠢ ᠬᠢᠨᠠᠨ ᠪᠠᠶᠢᠴᠠᠭᠠᠵᠤ ᠵᠥᠪᠰᠢᠶᠡᠷᠡᠬᠦ ᠠᠴᠠ ᠭᠤᠴᠢᠨ ᠡᠳᠦᠷ ᠤᠨ ᠡᠮᠦᠨ᠎ᠡ᠂ ᠲᠥᠰᠦᠪ ᠤᠨ ᠲᠤᠭᠢᠷᠠᠭᠤᠯᠤᠯᠳᠠ ᠶᠢᠨ ᠠᠩᠬᠠᠨ ᠤ ᠲᠥᠰᠦᠯ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠳᠤ ᠬᠦᠷᠭᠡᠨ ᠲᠤᠰᠢᠶᠠᠵᠤ ᠰᠠᠨᠠᠯ ᠬᠤᠷᠢᠶᠠᠬᠤ ᠬᠡᠷᠡᠭᠲᠡᠢ︾ ᠭᠡᠰᠡᠨ ᠲᠣᠭᠲᠠᠭᠠᠯ ᠳᠤ ᠨᠡᠶᠢᠴᠡᠬᠦ ᠦᠭᠡᠢ᠃      2024 ᠣᠨ ᠤ ᠲᠥᠰᠦᠪ ᠤᠨ ᠲᠣᠬᠢᠷᠠᠭᠤᠯᠤᠯᠲᠠ ᠶᠢᠨ ᠡᠭᠦᠷᠭᠡ ᠶᠢ ᠬᠠᠤᠯᠢ ᠶᠣᠰᠣᠭᠠᠷ ᠪᠡᠶᠡᠯᠡᠭᠦᠯᠬᠦ ᠶᠢᠨ ᠲᠥᠯᠥᠭᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠎ ᠠᠴᠠ᠂ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠎ ᠤᠨ ᠲᠥᠰᠦᠪ ᠤᠨ ᠬᠠᠤᠯᠢ ᠶᠢᠨ ᠬᠡᠷᠡᠭᠵᠢᠭᠦᠯᠬᠦ ᠲᠦᠷᠢᠮ︾᠎ ᠤᠨ ᠲᠣᠭᠲᠠᠭᠠᠯ ᠶᠣᠰᠣᠭᠠᠷ᠂ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠢ ᠲᠡᠭᠦᠯᠳᠡᠷᠵᠢᠭᠦᠯᠵᠦ᠂ ᠲᠥᠰᠦᠪ ᠢ ᠪᠣᠳᠠᠲᠠᠶ ᠪᠥᠭᠡᠳ ᠨᠠᠷᠢᠯᠢᠭ᠂ ᠣᠨᠣᠪᠴᠢᠲᠠᠶ ᠬᠢᠵᠦ᠂ ᠲᠥᠰᠦᠪ ᠤᠨ ᠬᠡᠷᠡᠭᠵᠢᠭᠦᠯᠦᠯᠲᠡ ᠳᠤ ᠰᠠᠶᠢᠨ ᠰᠠᠭᠤᠷᠢ ᠲᠠᠯᠪᠢᠵᠤ ᠥᠭᠬᠦ ᠬᠡᠷᠡᠭᠲᠡᠶ ᠭᠡᠵᠦ ᠰᠠᠨᠠᠭᠤᠯᠪᠠ  ᠃      ᠳᠡᠭᠡᠷᠡᠬᠢ ᠠᠰᠠᠭᠤᠳᠠᠯ ᠵᠢᠴᠢ ᠰᠠᠨᠠᠭᠤᠯᠭ᠎ᠠ ᠶᠢ ᠲᠣᠰ ᠵᠢᠯ ᠤᠨ ᠲᠥᠰᠦᠪ ᠤᠨ ᠲᠣᠬᠢᠷᠠᠭᠤᠯᠤᠯᠲᠠ ᠶᠢᠨ ᠠᠩᠬ᠎ᠠ ᠠᠯᠬᠤᠮ ᠤᠨ ᠲᠥᠰᠦᠯ ᠢ ᠨᠠᠷᠢᠨ ᠬᠢᠨᠠᠮᠠᠭᠠᠶ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ 2024 ᠣᠨ ᠤ 12 ᠰᠠᠷ᠎ᠠ ᠶᠢᠨ 20᠎ ᠤ ᠡᠳᠦᠷ ᠠᠴᠠ ᠡᠮᠦᠨ᠎ᠡ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠎ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠳᠤ ᠠᠩᠬ᠎ᠠ ᠠᠯᠬᠤᠮ ᠤᠨ ᠬᠢᠨᠠᠨ ᠪᠠᠶᠢᠴᠠᠭᠠᠭᠰᠠᠨ ᠰᠠᠨᠠᠯ ᠢ ᠰᠢᠶᠳᠪᠦᠷᠢᠯᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠳᠡᠪᠰᠢᠭᠦᠯᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2024 ᠣᠨ ᠤ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠢ ᠬᠢᠨᠠᠨ ᠪᠠᠶᠢᠴᠠᠭᠠᠵᠤ ᠵᠥᠪᠰᠢᠶᠡᠷᠡᠬᠦ ᠳᠤ ᠯᠠᠪᠯᠠᠯᠲᠠ ᠬᠠᠩᠭᠠᠬᠤ ᠪᠣᠯᠪᠠᠤ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号