ᠬᠥᠬᠡᠬᠤᠲᠠ᠄ ᠭᠤᠷᠪᠠᠨ ᠬᠡᠦᠬᠡᠳ ᠲᠥᠷᠥᠪᠡᠯ 10 ᠲᠦᠮᠡᠨ ᠲᠥᠭᠦᠷᠢᠭ ᠤᠨ ᠨᠡᠮᠡᠭᠦᠷᠢ ᠣᠯᠭᠤᠨ᠎ᠠ ︕
ᠨᠡᠶᠢᠲᠡᠯᠡᠭᠰᠡᠨ ᠴᠠᠭ᠄
2025/3/15
     ︽ᠬᠥᠮᠥᠨ ᠠᠮᠠ ᠶᠢᠨ ᠲᠥᠪᠯᠡᠷᠡᠯ ᠢ ᠠᠬᠢᠭᠤᠯᠵᠤ ᠬᠥᠮᠥᠨ ᠠᠮᠠ ᠶᠢᠨ ᠴᠢᠨᠠᠷᠵᠢᠭᠤᠨ ᠬᠥᠭᠵᠢᠯᠲᠡ ᠶᠢ ᠠᠬᠢᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠬᠥᠬᠡᠬᠤᠲᠠ ᠵᠠᠰᠠᠭ ᠲᠠᠷᠬᠠᠭᠠᠭᠰᠠᠨ ﹇2025﹈ 7 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠪᠡᠰᠦ᠂ ᠬᠡᠦᠬᠡᠳ ᠪᠤᠶᠢᠵᠢᠭᠤᠯᠬᠤ ᠨᠡᠮᠡᠭᠦᠷᠢ ᠣᠯᠭᠤᠬᠤ ᠳᠤ ᠬᠡᠷᠡᠭᠵᠢᠭᠦᠯᠬᠦ ᠨᠠᠷᠢᠨ ᠳᠦᠷᠢᠮ ᠨᠢ ᠳᠣᠣᠷᠠᠬᠢ ᠮᠡᠲᠦ᠄      ᠨᠢᠭᠡ᠂ ᠬᠢᠷᠢ ᠬᠡᠮ ᠢ ᠨᠢ ᠮᠠᠭᠠᠳᠯᠠᠨ ᠲᠣᠭᠲᠠᠭᠠᠬᠤ      ︵ᠨᠢᠭᠡ︶ ᠨᠡᠮᠡᠭᠦᠷᠢ ᠣᠯᠭᠤᠬᠤ ᠨᠥᠬᠦᠴᠡᠯ      1. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠳᠦᠷᠢᠮ︾᠎ ᠤᠨ ᠲᠣᠭᠲᠠᠭᠠᠯ ᠳᠤ ᠨᠡᠶᠢᠴᠡᠭᠦᠯᠵᠦ ᠬᠡᠦᠬᠡᠳ ᠲᠥᠷᠥᠭᠰᠡᠨ ︔      2. 2025 ᠣᠨ ᠤ 3 ᠳ᠋ᠤᠭᠠᠷ ᠰᠠᠷ᠎ᠠ ᠶᠢᠨ 1᠎ ᠤ ᠡᠳᠦᠷ ᠠᠴᠠ ᠰᠡᠭᠦᠯᠡᠷ ︵3 ᠳ᠋ᠤᠭᠠᠷ ᠰᠠᠷ᠎ᠠ ᠶᠢᠨ 1᠎ ᠤ ᠡᠳᠦᠷ ᠢ ᠪᠠᠭᠲᠠᠭᠠᠨ᠎ᠠ︶ ᠬᠠᠤᠯᠢ ᠶᠣᠰᠣᠭᠠᠷ ᠬᠡᠦᠬᠡᠳ ᠲᠥᠷᠥᠭᠰᠡᠨ ᠭᠡᠷ ᠪᠦᠯᠢ ︔      3. ᠡᠷ᠎ᠡ ᠡᠮ᠎ᠡ ᠬᠤᠶᠠᠭᠤᠯᠠ ᠶᠢᠨ ᠡᠷᠦᠬᠡ ᠠᠮᠠ ᠶᠢᠨ ᠳᠠᠩᠰᠠᠨ ᠤ ᠪᠠᠶᠢᠭ᠎ᠠ ᠭᠠᠵᠠᠷ ᠨᠢ ᠴᠥᠮ ᠬᠥᠬᠡᠬᠤᠲᠠ ᠪᠤᠶᠤ ᠨᠢᠭᠡ ᠡᠲᠡᠭᠡᠳ ᠤᠨ ᠡᠷᠦᠬᠡ ᠠᠮᠠ ᠶᠢᠨ ᠳᠠᠩᠰᠠᠨ ᠤ ᠪᠠᠶᠢᠭ᠎ᠠ ᠭᠠᠵᠠᠷ ᠨᠢ ᠬᠥᠬᠡᠬᠤᠲᠠ ᠪᠣᠯᠬᠤ᠂ ᠬᠥᠬᠡᠬᠤᠲᠠ ᠳᠤ ᠰᠠᠭᠤᠷᠢᠰᠢᠵᠤ ᠠᠵᠢᠯᠯᠠᠵᠤ ᠠᠮᠢᠳᠤᠷᠠᠵᠤ ᠪᠠᠶᠢᠭ᠎ᠠ᠂ ᠬᠥᠮᠥᠨ᠂ ᠭᠡᠷ ᠪᠠᠶᠢᠰᠢᠩ᠂ ᠡᠷᠦᠬᠡ ᠨᠢ ᠨᠢᠭᠡᠳᠦᠯᠲᠡᠢ ᠪᠠᠶᠢᠬᠤ ᠮᠥᠷᠲᠡᠭᠡᠨ ᠰᠠᠶ᠋ᠢ ᠲᠥᠷᠥᠭᠰᠡᠨ ᠬᠡᠦᠬᠡᠳ ᠤᠨ ᠡᠷᠦᠬᠡ ᠠᠮᠠ ᠶᠢᠨ ᠳᠠᠩᠰᠠ ᠶᠢ ᠨᠢ ᠲᠡᠷᠢᠭᠦᠨ ᠤᠳᠠᠭ᠎ᠠ ᠬᠥᠬᠡᠬᠤᠲᠠ ᠳᠤ ᠣᠷᠣᠭᠤᠯᠤᠭᠰᠠᠨ᠃      ︵ᠬᠤᠶᠠᠷ︶ ᠬᠡᠦᠬᠡᠳ ᠤᠳ ᠤᠨ ᠨᠡᠮᠡᠭᠦᠷᠢ ᠶᠢ ᠪᠣᠳᠣᠬᠤ ᠪᠠᠷᠢᠮᠵᠢᠶ᠎ᠠ      ᠤᠤᠭᠠᠨ ᠬᠡᠦᠬᠡᠳ ᠢᠶᠠᠨ ᠲᠥᠷᠥᠬᠦ ᠳᠤ ᠢᠬᠡᠷ᠎ᠡ ᠠᠴᠠ ᠢᠯᠡᠭᠦᠦ ᠣᠯᠠᠨ ᠬᠡᠦᠬᠡᠳ ᠲᠥᠷᠥᠭᠰᠡᠨ ᠪᠠᠶᠢᠪᠠᠯ᠂ ᠰᠠᠶ᠋ᠢ ᠲᠥᠷᠥᠭᠰᠡᠨ ᠬᠡᠦᠬᠡᠳ ᠢ ᠨᠢ ᠬᠡᠦᠬᠡᠳ ᠤᠨ ᠲᠥᠷᠥᠵᠦ ᠭᠠᠷᠤᠭᠰᠠᠨ ᠳᠠᠷᠠᠭᠠᠯᠠᠯ ᠢᠶᠠᠷ ᠤᠤᠭᠠᠨ ᠬᠡᠦᠬᠡᠳ᠂ ᠬᠤᠶᠠᠲᠠᠬᠢ ᠬᠡᠦᠬᠡᠳ᠂ ᠭᠤᠷᠪᠠᠳᠠᠬᠢ ᠬᠡᠦᠬᠡᠳ ᠪᠤᠶᠢᠵᠢᠭᠤᠯᠤᠭᠰᠠᠨ ᠢᠶᠠᠷ ᠨᠡᠮᠡᠭᠦᠷᠢ ᠬᠦᠷᠲᠡᠨ᠎ᠡ᠂ ᠢᠬᠡᠷ᠎ᠡ ᠪᠠᠷ ᠲᠥᠷᠥᠬᠦ ᠳᠤ ᠭᠤᠷᠪᠠ ᠠᠴᠠ ᠢᠯᠡᠭᠦᠦ ᠲᠥᠷᠥᠭᠰᠡᠨ ᠪᠠᠶᠢᠪᠠᠯ ᠴᠥᠮ ᠭᠤᠷᠪᠠᠨ ᠬᠡᠦᠬᠡᠳ ᠤᠨ ᠪᠠᠷᠢᠮᠵᠢᠶ᠎ᠠ ᠪᠠᠷ ᠲᠣᠰ ᠲᠣᠰ ᠨᠡᠮᠡᠭᠦᠷᠢ ᠬᠦᠷᠲᠡᠨ᠎ᠡ ︔ ᠨᠢᠭᠡᠨᠲᠡ ᠨᠢᠭᠡ ᠬᠡᠦᠬᠡᠳ ᠲᠠᠢ ᠪᠠᠶᠢᠵᠤ ᠳᠠᠬᠢᠨᠲᠠ ᠲᠥᠷᠥᠬᠦ ᠳᠤ ᠢᠬᠡᠷ᠎ᠡ ᠠᠴᠠ ᠢᠯᠡᠭᠦᠦ ᠣᠯᠠᠨ ᠬᠡᠦᠬᠡᠳ ᠲᠥᠷᠥᠭᠰᠡᠨ ᠪᠠᠶᠢᠪᠠᠯ᠂ ᠰᠠᠶ᠋ᠢ ᠲᠥᠷᠥᠭᠰᠡᠨ ᠬᠡᠦᠬᠡᠳ ᠢ ᠨᠢ ᠬᠡᠦᠬᠡᠳ ᠤᠨ ᠲᠥᠷᠥᠵᠦ ᠭᠠᠷᠤᠭᠰᠠᠨ ᠳᠠᠷᠠᠭᠠᠯᠠᠯ ᠢᠶᠠᠷ ᠬᠤᠶᠠᠳᠠᠬᠢ ᠬᠡᠦᠬᠡᠳ᠂ ᠭᠤᠷᠪᠠᠳᠠᠬᠢ ᠬᠡᠦᠬᠡᠳ ᠪᠤᠶᠢᠵᠢᠭᠤᠯᠤᠭᠰᠠᠨ ᠢᠶᠠᠷ ᠨᠡᠮᠡᠭᠦᠷᠢ ᠬᠦᠷᠲᠡᠵᠦ᠂ ᠢᠬᠡᠷ᠎ᠡ ᠪᠠᠷ ᠲᠥᠷᠥᠬᠦ ᠳᠤ ᠬᠤᠶᠠᠷ ᠠᠴᠠ ᠢᠯᠡᠭᠦᠦ ᠲᠥᠷᠥᠭᠰᠡᠨ ᠪᠠᠶᠢᠪᠠᠯ ᠴᠥᠮ ᠭᠤᠷᠪᠠᠨ ᠬᠡᠦᠬᠡᠳ ᠤᠨ ᠪᠠᠷᠢᠮᠵᠢᠶ᠎ᠠ ᠪᠠᠷ ᠲᠣᠰ ᠲᠣᠰ ᠨᠡᠮᠡᠭᠦᠷᠢ ᠭᠥᠷᠳᠡᠵᠦ ᠪᠣᠯᠣᠨ᠎ᠠ ︔ ᠨᠢᠭᠡᠨᠲᠡ ᠬᠤᠶᠠᠷ ᠬᠡᠦᠬᠡᠳ ᠲᠠᠢ ᠪᠠᠶᠢᠵᠤ ᠳᠠᠬᠢᠨᠲᠠ ᠲᠥᠷᠬᠦ ᠳᠤ ᠢᠬᠡᠷ᠎ᠡ ᠠᠴᠠ ᠣᠯᠠᠨ ᠬᠡᠦᠬᠡᠳ ᠲᠥᠷᠥᠭᠰᠡᠨ ᠪᠠᠶᠢᠪᠠᠯ᠂ ᠰᠠᠶ᠋ᠢ ᠲᠥᠷᠥᠭᠰᠡᠨ ᠬᠡᠦᠬᠡᠳ ᠨᠢ ᠴᠥᠮ ᠭᠤᠷᠪᠠᠨ ᠬᠡᠦᠬᠡᠳ ᠤᠨ ᠪᠠᠷᠢᠮᠵᠢᠶ᠎ᠠ ᠪᠠᠷ ᠬᠡᠦᠬᠡᠳ ᠪᠤᠶᠢᠵᠢᠭᠤᠯᠬᠤ ᠨᠡᠮᠡᠭᠦᠷᠢ ᠶᠢ ᠲᠣᠰ ᠲᠣᠰ ᠬᠦᠷᠲᠡᠵᠦ ᠪᠣᠯᠣᠨ᠎ᠠ᠃      2. ᠬᠡᠦᠬᠡᠳ ᠤᠳ ᠢᠶᠠᠨ ᠡᠷ᠎ᠡ ᠡᠮ᠎ᠡ ︵ᠣᠷᠤᠭ ᠰᠡᠷᠭᠦᠭᠡᠭᠰᠡᠨ ᠢ ᠪᠠᠭᠲᠠᠭᠠᠨ᠎ᠠ︶ ᠬᠤᠶᠠᠭᠤᠯᠠ ᠥᠪᠡᠷ ᠤᠨ ᠬᠢᠨᠢ ᠲᠥᠷᠥᠭᠰᠡᠨ᠂ ᠬᠠᠤᠯᠢ ᠶᠣᠰᠣ ᠪᠠᠷ ᠡᠷᠭᠦᠨ ᠲᠡᠵᠢᠭᠡᠭᠰᠡᠨ ᠬᠡᠦᠬᠡᠳ ᠤᠨ ᠲᠤᠭ᠎ᠠ ᠯᠤᠭ᠎ᠠ ᠨᠡᠶᠢᠯᠡᠭᠦᠯᠦᠨ ᠪᠤᠳᠤᠨ᠎ᠠ ᠂ ᠭᠡᠪᠡᠴᠦ ᠳᠣᠣᠷᠠᠬᠢ ᠪᠠᠶᠢᠳᠠᠯ ᠢ ᠴᠥᠮ ᠦᠷ᠎ᠡ ᠬᠡᠦᠬᠡᠳ ᠤᠨ ᠬᠢᠨᠢ ᠲᠣᠭᠠᠨ ᠳᠤ ᠪᠤᠳᠤᠵᠤ ᠣᠷᠣᠭᠤᠯᠬᠤ ᠦᠭᠡᠢ᠄      ︵1︶ ᠳᠠᠬᠢᠨᠲᠠ ᠤᠷᠤᠭᠯᠠᠭᠰᠠᠨ ᠡᠷ᠎ᠡ ᠡᠮ᠎ᠡ ᠬᠤᠶᠠᠭᠤᠯᠠ ᠶᠢᠨ ᠳᠠᠬᠢᠨᠲᠠ ᠤᠷᠤᠭᠯᠠᠬᠤ ᠠᠴᠠ ᠡᠮᠦᠨ᠎ᠡ ᠲᠥᠷᠥᠭᠰᠡᠨ ᠦᠷ᠎ᠡ ᠬᠡᠦᠬᠡᠳ ︔      ︵2︶ ᠣᠷᠤᠭ ᠤᠨ ᠬᠡᠪ ᠢᠶᠠᠷ ᠪᠠᠶᠢᠭ᠎ᠠ ᠬᠤᠭᠤᠴᠠᠭᠠᠨ ᠳᠤ ᠬᠠᠨᠢ ᠢᠵᠢᠯᠢ ᠠᠴᠠ ᠪᠠᠨ ᠪᠤᠰᠤᠳ ᠬᠥᠮᠥᠨ ᠯᠦᠭᠡ ᠲᠥᠷᠥᠭᠰᠡᠨ ᠦᠷ᠎ᠡ ᠬᠡᠦᠬᠡᠳ᠃      ᠬᠤᠶᠠᠷ᠂ ᠨᠡᠮᠡᠭᠦᠷᠢ ᠣᠯᠭᠤᠬᠤ ᠪᠠᠷᠢᠮᠵᠢᠶ᠎ᠠ      ︵ᠨᠢᠭᠡ︶ ᠨᠡᠮᠡᠭᠦᠷᠢ ᠣᠯᠭᠤᠬᠤ ᠪᠡᠯᠡ ᠮᠥᠩᠭᠦᠨ ᠤ ᠲᠤᠭ᠎ᠠ ᠵᠢᠴᠢ ᠦᠶᠡᠯᠡᠯ      1. ᠨᠢᠭᠡ ᠬᠡᠦᠬᠡᠳ ᠲᠥᠷᠥᠭᠰᠡᠨ ᠪᠠᠶᠢᠪᠠᠯ ᠨᠢᠭᠡ ᠯᠡ ᠤᠳᠠᠭ᠎ᠠ ᠳᠤ 10000 ᠲᠥᠭᠦᠷᠢᠭ ᠤᠨ ᠬᠡᠦᠬᠡᠳ ᠪᠤᠶᠢᠵᠢᠭᠤᠯᠬᠤ ᠨᠡᠮᠡᠭᠦᠷᠢ ᠣᠯᠭᠤᠨ᠎ᠠ ︔      2. ᠬᠤᠶᠠᠷ ᠬᠡᠦᠬᠡᠳ ᠲᠥᠷᠥᠭᠰᠡᠨ ᠪᠠᠶᠢᠪᠠᠯ 50000 ᠲᠥᠭᠦᠷᠢᠭ ᠤᠨ ᠬᠡᠦᠬᠡᠳ ᠪᠤᠶᠢᠵᠢᠭᠤᠯᠬᠤ ᠨᠡᠮᠡᠭᠦᠷᠢ ᠶᠢ ᠵᠢᠯ ᠪᠦᠷᠢ 10000 ᠲᠥᠭᠦᠷᠢᠭ ᠢᠶᠠᠷ ᠬᠡᠦᠬᠡᠳ ᠨᠢ ᠪᠦᠬᠦᠯᠢ 5 ᠨᠠᠰᠤ ᠪᠣᠯᠲᠠᠯ᠎ᠠ ᠣᠯᠭᠤᠨ᠎ᠠ ︔      3. ᠭᠤᠷᠪᠠ ᠵᠢᠴᠢ ᠭᠤᠷᠪᠠ ᠠᠴᠠ ᠢᠯᠡᠭᠦᠦ ᠬᠡᠦᠬᠡᠳ ᠲᠥᠷᠥᠭᠰᠡᠨ ᠪᠠᠶᠢᠪᠠᠯ 100000 ᠲᠥᠭᠦᠷᠢᠭ ᠤᠨ ᠬᠡᠦᠬᠡᠳ ᠪᠤᠶᠢᠵᠢᠭᠤᠯᠬᠤ ᠨᠡᠮᠡᠭᠦᠷᠢ ᠶᠢ ᠵᠢᠯ ᠪᠦᠷᠢ 10000 ᠲᠥᠭᠦᠷᠢᠭ ᠢᠶᠠᠷ ᠬᠡᠦᠬᠡᠳ ᠨᠢ ᠪᠦᠬᠦᠯᠢ 10 ᠨᠠᠰᠤ ᠪᠣᠯᠲᠠᠯ᠎ᠠ ᠣᠯᠭᠤᠨ᠎ᠠ᠃      ︵ᠬᠤᠶᠠᠷ︶ ᠨᠡᠮᠡᠭᠦᠷᠢ ᠶᠢ ᠪᠣᠳᠣᠵᠤ ᠣᠯᠭᠤᠬᠤ ᠴᠠᠭ ᠢ ᠨᠢ ᠨᠤᠲᠠᠯᠠᠨ ᠲᠣᠭᠲᠠᠭᠠᠬᠤ      1. ᠬᠡᠦᠬᠡᠳ ᠲᠥᠷᠥᠭᠰᠡᠨ ᠤ ᠳᠠᠷᠠᠭ᠎ᠠ᠂ ᠬᠡᠦᠬᠡᠳ ᠤᠨ ᠡᠷᠦᠬᠡ ᠠᠮᠠ ᠶᠢᠨ ᠳᠠᠩᠰᠠ ᠶᠢ ᠨᠢ ᠲᠡᠷᠢᠭᠦᠨ ᠤᠳᠠᠭ᠎ᠠ ᠣᠷᠣᠭᠤᠯᠤᠭᠰᠠᠨ ᠭᠠᠵᠠᠷ ᠨᠢ ᠬᠥᠬᠡᠬᠤᠲᠠ ᠪᠠᠶᠢᠪᠠᠯ᠂ ᠲᠥᠷᠥᠭᠰᠡᠨ ᠣᠨ ᠢᠶᠠᠷ ᠨᠢ ᠬᠡᠦᠬᠡᠳ ᠪᠤᠶᠢᠵᠢᠭᠤᠯᠬᠤ ᠨᠡᠮᠡᠭᠦᠷᠢ ᠪᠣᠳᠣᠵᠤ ᠣᠯᠭᠤᠨ᠎ᠠ ︔      2. ᠬᠡᠦᠬᠡᠳ ᠨᠢ ᠦᠬᠦᠭᠰᠡᠨ ᠪᠤᠶᠤ ᠡᠷᠦᠬᠡ ᠠᠮᠠ ᠶᠢᠨ ᠲᠠᠩᠰᠠ ᠶᠢ ᠨᠢ ᠬᠥᠬᠡᠬᠤᠲᠠ ᠠᠴᠠ ᠰᠢᠯᠵᠢᠭᠦᠯᠦᠭᠰᠡᠨ ᠪᠠᠶᠢᠪᠠᠯ᠂ ᠳᠠᠷᠠᠭ᠎ᠠ ᠵᠢᠯ ᠳᠤ ᠨᠢ ᠬᠡᠦᠬᠡᠳ ᠪᠤᠶᠢᠵᠢᠭᠤᠯᠬᠤ ᠨᠡᠮᠡᠭᠦᠷᠢ ᠣᠯᠭᠤᠬᠤ ᠶᠢ ᠵᠣᠭᠰᠣᠭᠠᠨ᠎ᠠ᠃      ︵ᠭᠤᠷᠪᠠ︶ ᠳᠣᠣᠷᠠᠬᠢ ᠪᠠᠶᠢᠳᠠᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠦᠷᠭᠡᠳᠬᠡᠨ ᠲᠡᠭᠦᠯᠳᠡᠷᠵᠢᠭᠦᠯᠵᠦ ᠦᠷᠡᠵᠢᠯ ᠳᠤ ᠨᠥᠬᠦᠷᠰᠡᠭ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2025﹈ 6 ᠳ᠋ᠤᠭᠠᠷ ᠲᠣᠭᠠᠲᠤ︶᠎ ᠤᠨ ᠲᠣᠭᠲᠠᠭᠠᠯ ᠤᠨ ᠪᠠᠷᠢᠮᠵᠢᠶ᠎ᠠ ᠶᠣᠰᠣᠭᠠᠷ ᠨᠡᠮᠡᠭᠦᠷᠢ ᠭᠥᠷᠳᠡᠨ᠎ᠡ᠄      1. 2025 ᠣᠨ ᠤ 1 ᠳ᠋ᠦᠭᠡᠷ ᠰᠠᠷ᠎ᠠ ᠶᠢᠨ 1᠎ ᠤ ᠡᠳᠦᠷ ︵1 ᠳ᠋ᠦᠭᠡᠷ ᠰᠠᠷ᠎ᠠ ᠶᠢᠨ 1᠎ ᠤ ᠡᠳᠦᠷ ᠢ ᠪᠠᠭᠲᠠᠭᠠᠨ᠎ᠠ︶᠎ ᠠᠴᠠ 2 ᠳ᠋ᠤᠭᠠᠷ ᠰᠠᠷ᠎ᠠ ᠶᠢᠨ 28᠎ ᠤ ᠡᠳᠦᠷ ︵2 ᠳ᠋ᠤᠭᠠᠷ ᠰᠠᠷ᠎ᠠ ᠶᠢᠨ 28᠎ ᠤ ᠡᠳᠦᠷ ᠢ ᠪᠠᠭᠲᠠᠭᠠᠨ᠎ᠠ ︶᠎ ᠶᠢᠨ ᠬᠤᠭᠤᠷᠣᠨᠳᠤ ᠲᠥᠷᠥᠭᠰᠡᠨ ︔      2. ᠰᠠᠶ᠋ᠢ ᠲᠥᠷᠥᠭᠰᠡᠨ ᠬᠡᠦᠬᠡᠳ ᠤᠨ ᠡᠷᠦᠬᠡ ᠠᠮᠠ ᠶᠢᠨ ᠳᠠᠩᠰᠠ ᠶᠢ ᠨᠢ ᠬᠥᠬᠡᠬᠤᠲᠠ ᠳᠤ ᠲᠡᠷᠢᠭᠦᠨ ᠤᠳᠠᠭ᠎ᠠ ᠣᠷᠣᠭᠤᠯᠤᠭᠰᠠᠨ ᠪᠢᠰᠢ᠂ ᠡᠷᠦᠬᠡ ᠠᠮᠠ ᠶᠢᠨ ᠲᠠᠩᠰᠠ ᠶᠢ ᠨᠢ ᠭᠠᠳᠠᠷ ᠣᠷᠣᠨ ᠠᠴᠠ ᠨᠡᠭᠦᠯᠭᠡᠨ ᠣᠷᠣᠭᠤᠯᠤᠭᠰᠠᠨ᠃      ᠭᠤᠷᠪᠠ᠂ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠬᠤ      ︵ᠨᠢᠭᠡ︶ ︽ᠭᠤᠶᠤᠴᠢᠯᠠᠨ ᠮᠡᠳᠡᠭᠦᠯᠬᠦ ᠦᠭᠡᠢ ᠪᠠᠷ ᠬᠦᠷᠲᠡᠬᠦ︾ ᠬᠢᠷᠢ ᠬᠡᠮ ᠢ ᠨᠤᠲᠠᠯᠠᠨ ᠲᠣᠭᠲᠠᠭᠠᠬᠤ      ᠬᠡᠦᠬᠡᠳ ᠤᠨ ᠡᠷᠦᠬᠡ ᠠᠮᠠ ᠶᠢᠨ ᠳᠠᠩᠰᠠ ᠶᠢ ᠨᠢ ᠬᠥᠬᠡᠬᠤᠲᠠ ᠳᠤ ᠲᠡᠷᠢᠭᠦᠨ ᠤᠳᠠᠭ᠎ᠠ ᠣᠷᠣᠭᠤᠯᠤᠭᠰᠠᠨ ᠤ ᠳᠠᠷᠠᠭ᠎ᠠ᠂ ᠡᠩ ᠲᠡᠷᠢᠭᠦᠨ ᠳᠤ ︽ᠭᠤᠶᠤᠴᠢᠯᠠᠨ ᠮᠡᠳᠡᠭᠦᠯᠬᠦ ᠦᠭᠡᠢ ᠪᠠᠷ ᠬᠦᠷᠲᠡᠬᠦ︾ ᠬᠢᠷᠢ ᠬᠡᠮ ᠢ ᠨᠤᠲᠠᠯᠠᠨ ᠲᠣᠭᠲᠠᠭᠠᠵᠤ᠂ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷ ᠣᠯᠠᠨ ᠲᠦᠮᠡᠨ ᠤ ᠨᠡᠮᠡᠭᠦᠷᠢ ᠭᠤᠶᠤᠴᠢᠯᠠᠬᠤ ᠬᠢᠷᠢ ᠬᠡᠮ ᠢ ᠠᠦ᠋ᠲ᠋ᠣ᠋ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠵᠤ ᠵᠥᠪᠰᠢᠶᠡᠷᠡᠭᠰᠡᠨ ᠪᠠᠶᠢᠪᠠᠯ ᠣᠬᠤᠷ ᠮᠡᠳᠡᠭᠡ ᠪᠠᠷ ᠣᠯᠠᠨ ᠲᠦᠮᠡᠨ ᠳᠤ ᠨᠡᠮᠡᠭᠦᠷᠢ ᠣᠯᠭᠤᠬᠤ ᠠᠷᠭ᠎ᠠ ᠮᠠᠶ᠋ᠢᠭ ᠢ ᠮᠡᠳᠡᠭᠳᠡᠨ᠎ᠡ᠃      ︵ᠬᠤᠶᠠᠷ︶ ᠬᠢᠷᠢ ᠬᠡᠮ ᠢᠶᠠᠨ ᠨᠤᠲᠠᠯᠠᠨ ᠲᠣᠭᠲᠠᠭᠠᠯᠭᠠᠬᠤ ᠪᠠᠷ ᠰᠠᠨᠠᠭᠠᠴᠢᠯᠠᠭ᠎ᠠ ᠠᠴᠠ ᠪᠠᠨ ᠭᠤᠶᠤᠴᠢᠯᠠᠬᠤ      1. ᠭᠡᠷ ᠪᠦᠯᠢ ᠶᠢᠨ ᠬᠢᠨ ᠤ ᠭᠤᠶᠤᠴᠢᠯᠠᠯ᠃ ᠣᠯᠠᠨ ᠲᠦᠮᠡᠨ ᠪᠠᠰᠠ ᠰᠦᠯᠵᠢᠶᠡᠨ ᠳᠡᠭᠡᠷᠡᠬᠢ ᠭᠤᠶᠤᠴᠢᠯᠠᠬᠤ ᠠᠷᠭ᠎ᠠ ᠪᠠᠷ ᠬᠢᠷᠢ ᠬᠡᠮ ᠢᠶᠠᠨ ᠨᠤᠲᠠᠯᠠᠭᠤᠯᠤᠨ ᠲᠣᠭᠲᠠᠭᠠᠯᠭᠠᠵᠤ ᠪᠣᠯᠣᠨ᠎ᠠ᠃ ᠬᠡᠦᠬᠡᠳ ᠤᠨ ᠡᠷᠦᠬᠡ ᠠᠮᠠ ᠶᠢᠨ ᠳᠠᠩᠰᠠ ᠶᠢ ᠨᠢ ᠬᠥᠬᠡᠬᠤᠲᠠ ᠳᠤ ᠲᠡᠷᠢᠭᠦᠨ ᠤᠳᠠᠭ᠎ᠠ ᠣᠷᠣᠭᠤᠯᠤᠭᠰᠠᠨ ᠤ ᠳᠠᠷᠠᠭ᠎ᠠ᠂ ᠬᠥᠩᠭᠡᠵᠢᠭᠴᠢ ᠨᠢ ᠬᠥᠩᠭᠡᠵᠢᠭᠦᠯᠬᠦ ᠪᠠᠶᠢᠭᠤᠯᠤᠮᠵᠢ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠡᠷᠦᠬᠡ ᠠᠮᠠ ᠶᠢᠨ ᠳᠠᠩᠰᠠ ᠣᠷᠣᠭᠤᠯᠬᠤ ᠴᠣᠩᠬᠤᠪᠴᠢ᠂ ᠨᠡᠶᠢᠭᠡᠮ ᠲᠣᠭᠤᠷᠢᠭ / ᠲᠣᠰᠬᠤᠨ ︵ᠰᠠᠭᠤᠭᠠᠯᠢ ᠠᠷᠠᠳ︶᠎ ᠤ ᠵᠥᠪᠯᠡᠯ᠂ ︽ᠠᠢ ᠴᠢᠩ ᠴᠧᠩ︾ ᠨᠡᠶᠢᠲᠡ ᠶᠢᠨ ᠳ᠋ᠤᠭᠠᠷ᠂ ︽ᠡᠷᠡᠭᠦᠯ ᠮᠡᠨᠳᠦ ᠬᠥᠬᠡᠬᠤᠲᠠ︾ ᠵᠢᠵᠢᠭ ᠫᠷᠣᠭ᠍ᠷᠠᠮ ᠵᠡᠷᠭᠡ ᠣᠯᠠᠨ ᠠᠷᠭ᠎ᠠ ᠵᠠᠮ ᠢᠶᠠᠷ ᠲᠤᠰᠬᠠᠢ ᠬᠤᠶᠠᠷ ᠬᠡᠮᠵᠢᠯᠲᠦ ᠺᠣᠳ᠋ ᠢ ᠰᠢᠷᠪᠢᠨ ᠭᠤᠶᠤᠴᠢᠯᠠᠯ ᠢᠶᠠᠨ ᠲᠤᠰᠢᠶᠠᠵᠤ᠂ ᠬᠠᠮᠢᠶ᠎ᠠ ᠪᠦᠬᠦᠢ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠶᠢᠨ ᠬᠠᠮᠲᠤ ᠳᠡᠪᠰᠢᠭᠦᠯᠦᠭᠰᠡᠨ ᠮᠡᠳᠡᠭᠡ ᠵᠠᠩᠭᠢ ᠪᠠᠨ ᠦᠨᠡᠨ ᠪᠣᠳᠠᠲᠠᠢ ᠮᠥᠷᠲᠡᠭᠡᠨ ᠬᠦᠴᠦᠨ ᠲᠠᠢ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠰᠠᠶᠢᠨ ᠳᠤᠷ᠎ᠠ ᠠᠴᠠ ᠪᠠᠨ ᠡᠭᠦᠷᠭᠡᠯᠡᠨ᠎ᠡ ᠭᠡᠵᠦ ᠠᠮᠠᠯᠠᠨ᠎ᠠ᠃ ᠪᠣᠳᠠᠲᠠᠢ ᠮᠠᠲ᠋ᠧᠷᠢᠶᠠᠯ ᠨᠢ ᠳᠣᠣᠷᠠᠬᠢ ᠮᠡᠲᠦ᠄      1︶ ᠡᠷ᠎ᠡ ᠡᠮ᠎ᠡ ᠬᠤᠶᠠᠭᠤᠯᠠ ᠶᠢᠨ ᠡᠷᠦᠬᠡ ᠠᠮᠠ ᠶᠢᠨ ᠳᠠᠩᠰᠠᠨ ᠳᠡᠪᠲᠡᠷ ︵ᠲᠡᠷᠢᠭᠦᠨ ᠬᠠᠭᠤᠳᠠᠰᠤ᠂ ᠲᠣᠰ ᠬᠥᠮᠥᠨ ᠤ ᠲᠡᠮᠳᠡᠭᠯᠡᠯ ᠲᠠᠢ ᠬᠠᠭᠤᠳᠠᠰᠤ︶᠎ ᠤᠨ ᠤᠭ ᠳᠡᠪᠲᠡᠷ᠂ ᠪᠡᠶ᠎ᠡ ᠶᠢᠨ ᠦᠨᠡᠮᠯᠡᠯ ︵ᠠᠷᠤ ᠡᠮᠦᠨ᠎ᠡ ᠨᠢᠭᠤᠷ︶᠎ ᠤᠨ ᠤᠭ ᠦᠨᠡᠮᠯᠡᠯ᠂ ᠣᠷᠤᠭ ᠤᠨ ᠪᠠᠲᠤᠯᠠᠪᠤᠷᠢ ᠶᠢᠨ ᠤᠭ ᠳᠡᠪᠲᠡᠷ ︔      2︶ ᠭᠡᠷ ᠪᠦᠯᠢ ᠶᠢᠨ ᠪᠥᠬᠦ ᠦᠷ᠎ᠡ ᠬᠡᠦᠬᠡᠳ ᠤᠨ ᠬᠢᠨᠢ ᠡᠷᠦᠬᠡ ᠠᠮᠠ ᠶᠢᠨ ᠳᠠᠩᠰᠠᠨ ᠳᠡᠪᠲᠡᠷ ︵ᠲᠡᠷᠢᠭᠦᠨ ᠬᠠᠭᠤᠳᠠᠰᠤ᠂ ᠲᠣᠰ ᠬᠥᠮᠥᠨ ᠤ ᠲᠡᠮᠳᠡᠭᠯᠡᠯ ᠲᠠᠢ ᠬᠠᠭᠤᠳᠠᠰᠤ︶᠎ ᠤᠨ ᠤᠭ ᠳᠡᠪᠲᠡᠷ᠂ ᠪᠥᠬᠦ ᠦᠷ᠎ᠡ ᠬᠡᠦᠬᠡᠳ ᠤᠨ ᠬᠢᠨᠢ ᠲᠥᠷᠥᠭᠰᠡᠨ ᠤ ᠠᠨᠠᠭᠠᠬᠤ ᠶᠢᠨ ᠭᠡᠷᠡᠴᠢ ᠶᠢᠨ ᠤᠭ ᠮᠠᠲ᠋ᠧᠷᠢᠶᠠᠯ ︔      3︶ ᠬᠥᠬᠡᠬᠤᠲᠠ ᠶᠢᠨ ᠬᠡᠪᠴᠢᠶᠡᠨ ᠳᠠᠬᠢ ᠥᠪᠡᠷ ᠤᠨ ᠣᠷᠣᠨ ᠰᠠᠭᠤᠴᠠ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠭᠦᠯᠦᠭᠰᠡᠨ ᠦᠨᠡᠮᠯᠡᠯ︶ ᠪᠤᠶᠤ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠭᠰᠠᠨ ᠤᠭ ᠮᠠᠲ᠋ᠧᠷᠢᠶᠠᠯ ︵ᠭᠡᠷ ᠪᠠᠶᠢᠰᠢᠩ ᠤᠨ ᠮᠡᠳᠡᠭᠡ ᠵᠠᠩᠭᠢ ᠪᠦᠬᠦᠢ ᠬᠠᠭᠤᠳᠠᠰᠤ ᠪᠠ ᠬᠤᠶᠠᠷ ᠲᠠᠯ᠎ᠠ ᠪᠠᠷ ᠢᠶᠠᠨ ᠭᠠᠷ ᠤᠨ ᠥᠰᠥᠭ ᠵᠢᠷᠤᠵᠤ ᠲᠠᠮᠠᠭ᠎ᠠ ᠳᠠᠷᠤᠭᠰᠠᠨ ᠬᠠᠭᠤᠳᠠᠰᠤ ᠪᠠᠨ ᠰᠦᠯᠵᠢᠶ᠎ᠡ ᠪᠠᠷ ᠢᠯᠡᠭᠡᠨ᠎ᠡ︶ ︔ ᠳᠡᠭᠡᠷ᠎ᠡ ᠳᠤᠷᠠᠳᠤᠭᠰᠠᠨ ᠦᠨᠡᠮᠯᠡᠯ ᠢ ᠬᠠᠩᠭᠠᠵᠤ ᠳᠡᠶᠢᠯᠬᠦ ᠦᠭᠡᠢ ᠪᠣᠯ ᠲᠣᠰ ᠵᠢᠯ ᠪᠤᠶᠤ ᠳᠡᠭᠡᠷ᠎ᠡ ᠨᠢᠭᠡ ᠵᠢᠯ ᠳᠠᠬᠢ ᠬᠥᠬᠡᠬᠤᠲᠠ ᠶᠢᠨ ᠬᠡᠪᠴᠢᠶᠡᠨ ᠳᠤ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠭᠰᠠᠨ ᠲᠡᠮᠳᠡᠭᠯᠡᠯ ᠢᠶᠠᠨ ᠬᠠᠩᠭᠠᠵᠤ ᠪᠣᠯᠣᠨ᠎ᠠ ︔      4︶ ᠬᠡᠦᠬᠡᠳ ᠡᠷᠭᠦᠨ ᠲᠡᠵᠢᠭᠡᠭᠰᠡᠨ ᠭᠡᠷ ᠪᠦᠯᠢ ᠨᠢ ᠬᠠᠤᠯᠢ ᠶᠣᠰᠣᠨ ᠤ ᠡᠷᠭᠦᠨ ᠲᠡᠵᠢᠭᠡᠭᠰᠡᠨ ᠦᠨᠡᠮᠯᠡᠯ ᠤᠨ ᠤᠭ ᠦᠨᠡᠮᠯᠡᠯ ᠢ ᠲᠤᠰᠢᠶᠠᠬᠤ ᠬᠡᠷᠡᠭᠲᠡᠢ᠃ ᠬᠠᠨᠢ ᠢᠵᠢᠯᠢ ᠶᠢᠨ ᠬᠢᠨᠢ ᠨᠢᠭᠡ ᠨᠢ ᠨᠠᠰᠤ ᠨᠥᠭᠴᠢᠭᠰᠡᠨ ᠭᠡᠷ ᠪᠦᠯᠢ ᠨᠢ ᠨᠠᠰᠤ ᠨᠥᠭᠴᠢᠭᠰᠡᠨ ᠨᠥᠭᠦᠭᠡ ᠶᠢᠨ ᠢᠶᠠᠨ ᠨᠠᠰᠤ ᠨᠥᠭᠴᠢᠭᠰᠡᠨ ᠭᠡᠷᠡᠴᠢ ᠶᠢ ᠲᠤᠰᠢᠶᠠᠬᠤ ᠬᠡᠷᠡᠭᠲᠡᠢ᠃ ᠤᠷᠤᠭ ᠰᠠᠯᠤᠭᠰᠠᠨ ᠭᠡᠷ ᠪᠦᠯᠢ ᠨᠢ ᠡᠷ᠎ᠡ ᠡᠮ᠎ᠡ ᠬᠤᠶᠠᠷ ᠲᠠᠯ᠎ᠠ ᠶᠢᠨ ᠭᠠᠷ ᠤᠨ ᠦᠰᠦᠭ ᠵᠢᠷᠤᠭᠰᠠᠨ ᠠᠰᠠᠷᠠᠵᠤ ᠲᠡᠵᠢᠭᠡᠬᠦ ᠢᠯᠡᠷᠬᠡᠶᠢᠯᠡᠯᠲᠡ ᠪᠠ ᠤᠷᠤᠭ ᠰᠠᠯᠬᠤ ᠵᠥᠪᠯᠡᠯᠴᠡᠭᠡᠷ ᠪᠤᠶᠤ ᠰᠢᠭᠦᠬᠦ ᠬᠤᠷᠢᠶᠠᠨ ᠤ ᠭᠠᠷᠭᠠᠵᠤ ᠥᠭᠭᠦᠭᠰᠡᠨ ᠤᠷᠤᠭ ᠰᠠᠯᠤᠭᠰᠠᠨ ᠲᠠᠰᠤᠯᠤᠯᠲᠠ ᠶᠢᠨ ᠪᠢᠴᠢᠭ ᠢ ᠲᠤᠰᠢᠶᠠᠬᠤ ᠴᠢᠬᠤᠯᠠᠲᠠᠢ᠃      2. ᠱᠠᠲᠤ ᠱᠠᠲᠤ ᠪᠠᠷ ᠬᠢᠨᠠᠨ ᠬᠠᠷᠭᠤᠭᠤᠯᠤᠨ᠎ᠠ᠃ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ︵ᠰᠠᠭᠤᠭᠠᠯᠢ ᠠᠷᠠᠳ︶᠎ ᠤ ᠵᠥᠪᠯᠡᠯ ᠵᠢᠯ ᠪᠦᠷᠢ ᠶᠢᠨ 5 ᠳ᠋ᠤᠭᠠᠷ ᠰᠠᠷ᠎ᠠ ᠪᠠ 11 ᠳ᠋ᠦᠭᠡᠷ ᠰᠠᠷ᠎ᠠ ᠳᠤ ᠳᠣᠣᠷᠠᠳᠤ ᠱᠠᠲᠤᠨ ᠠᠴᠠ ᠳᠡᠭᠡᠳᠦ ᠱᠠᠲᠤ ᠲᠡᠶᠢᠰᠢ ᠬᠢᠨᠠᠨ ᠬᠠᠷᠭᠤᠭᠤᠯᠤᠨ᠎ᠠ᠃      3. ᠬᠤᠶᠠᠷᠳᠠᠬᠢ ᠬᠡᠦᠬᠡᠳ᠂ ᠭᠤᠷᠪᠠᠳᠠᠬᠢ ᠬᠡᠦᠬᠡᠳ ᠵᠢᠴᠢ ᠡᠭᠦᠨ ᠠᠴᠠ ᠢᠯᠡᠭᠦᠦ ᠪᠠᠶᠢᠭ᠎ᠠ ᠬᠡᠦᠬᠡᠳ ᠪᠤᠶᠢᠵᠢᠭᠤᠯᠬᠤ ᠨᠡᠮᠡᠭᠦᠷᠢ ᠶᠢ ᠵᠢᠯ ᠬᠤᠪᠢᠶᠠᠨ ᠣᠯᠭᠤᠬᠤ ᠳᠤ᠂ ᠭᠤᠶᠤᠴᠢᠯᠠᠭᠴᠢ ᠨᠢ ᠳᠠᠷᠠᠭ᠎ᠠ ᠨᠢᠭᠡ ᠵᠢᠯ ᠤᠨ ᠲᠥᠪᠯᠡᠷᠡᠭᠦᠯᠦᠨ ᠬᠢᠨᠠᠵᠤ ᠬᠠᠷᠭᠤᠭᠤᠯᠬᠤ ᠬᠤᠭᠤᠴᠠᠭᠠᠨ ᠳᠤ ︽ᠣᠨ ᠤ ᠬᠢᠨᠠᠨ ᠬᠠᠷᠭᠤᠭᠤᠯᠬᠤ︾ ᠭᠤᠶᠤᠴᠢᠯᠠᠯ ᠢᠶᠠᠨ ᠳᠡᠪᠰᠢᠭᠦᠯᠦᠨ᠎ᠡ᠂ ᠳᠠᠬᠢᠵᠤ ᠮᠡᠳᠡᠭᠡ ᠵᠠᠩᠭᠢ ᠶᠢᠨ ᠲᠠᠭᠯᠠᠨ ᠪᠢᠴᠢᠬᠦ ᠪᠠ ᠮᠠᠲ᠋ᠧᠷᠢᠶᠠᠯ ᠢᠶᠠᠨ ᠳᠡᠭᠡᠭᠰᠢ ᠳᠠᠮᠵᠢᠭᠤᠯᠬᠤ ᠴᠢᠬᠤᠯᠠ ᠦᠭᠡᠢ᠃      ᠳᠥᠷᠪᠡ᠂ ᠪᠡᠯᠡ ᠮᠥᠩᠭᠦ ᠣᠯᠭᠤᠬᠤ      ᠬᠡᠦᠬᠡᠳ ᠪᠤᠶᠢᠵᠢᠭᠤᠯᠬᠤ ᠨᠡᠮᠡᠭᠦᠷᠢ ᠶᠢᠨ ᠲᠥᠷᠥᠯ ᠵᠦᠢᠯ ᠢ ᠲᠣᠭᠲᠠᠭᠰᠠᠨ ᠪᠡᠯᠡ ᠮᠥᠩᠭᠦ ᠣᠯᠭᠤᠬᠤ ᠠᠷᠭ᠎ᠠ ᠵᠠᠮ ᠢᠶᠠᠷ ᠣᠯᠭᠤᠨ᠎ᠠ᠂ ᠭᠤᠶᠤᠴᠢᠯᠠᠨ ᠮᠡᠳᠡᠭᠦᠯᠬᠦ ᠦᠭᠡᠢ ᠪᠠᠷ ᠬᠦᠷᠲᠡᠬᠦ ᠪᠠ ᠬᠤᠪᠢ ᠬᠥᠮᠥᠨ ᠤ ᠭᠤᠶᠤᠴᠢᠯᠠᠯ ᠢ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠳᠠᠷᠠᠭ᠎ᠠ ᠵᠢᠯ ᠪᠦᠷᠢ ᠶᠢᠨ 7 ᠳ᠋ᠤᠭᠠᠷ ᠰᠠᠷ᠎ᠠ᠂ 1 ᠳ᠋ᠦᠭᠡᠷ ᠰᠠᠷ᠎ᠠ ᠳᠤ ᠬᠤᠶᠠᠷ ᠤᠳᠠᠭ᠎ᠠ ᠣᠯᠭᠤᠨ᠎ᠠ᠃
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号