3 ᠳ᠋ᠤᠭᠠᠷ ᠰᠠᠷ᠎ᠠ ᠶᠢᠨ 4 ᠤ ᠡᠳᠦᠷ᠂ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ | ᠶᠠᠪᠤᠳᠠᠯ ᠤᠨ ᠮᠣᠩᠭᠤᠯ ᠰᠦᠯᠵᠢᠶᠡᠨ ᠴᠤᠭᠯᠠᠷᠠᠯ ᠤᠨ ᠠᠭᠤᠯᠭ᠎ᠠ ᠶᠢᠨ ᠬᠠᠮᠢᠶᠠᠷᠤᠯᠲᠠ ᠶᠢᠨ ᠰᠢᠰᠲ᠋ᠧᠮ ᠢ ᠲᠤᠷᠰᠢᠨ | ᠠᠵᠢᠯᠯᠠᠭᠤᠯᠬᠤ ᠪᠣᠯᠪᠠᠰᠤᠷᠠᠯ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ | ᠡᠷᠬᠢᠯᠡᠭᠴᠢ ᠹᠠᠨ ᠵᠢᠶᠠᠨ ᠬᠤᠸᠠ ᠲᠣᠰ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ 28 ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠣᠩᠭᠤᠯ | ᠰᠦᠯᠵᠢᠶᠡᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠠᠵᠢᠯᠲᠠᠨ᠂ ᠵᠠᠰᠠᠭ ᠤᠨ ᠶᠠᠪᠤᠳᠠᠯ ᠤᠨ ᠮᠣᠩᠭᠤᠯ | ᠰᠦᠯᠵᠢᠶᠡᠨ ᠤ ᠭᠤᠷᠪᠠᠳᠠᠭᠢ ᠲᠠᠯ᠎ᠠ ᠶᠢᠨ ᠮᠡᠷᠭᠡᠵᠢᠯᠲᠡᠨ ᠵᠡᠷᠭᠡ ᠨᠡᠶᠢᠲᠡ 80 ᠭᠠᠷᠤᠢ ᠬᠥᠮᠥᠨ ᠪᠣᠯᠪᠠᠰᠤᠷᠠᠯ ᠳᠤ | ᠣᠷᠣᠯᠴᠠᠵᠠᠢ᠃ | | | | | ᠹᠠᠨ ᠵᠢᠶᠠᠨ ᠬᠤᠸᠠ ᠵᠢᠭᠠᠵᠤ ᠭᠠᠷᠭᠠᠬᠤ ᠳᠤ ᠪᠠᠨ᠂ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ | ᠴᠤᠭᠯᠠᠷᠠᠯ ᠢ ᠨᠡᠭᠡᠭᠡᠨ ᠠᠵᠢᠯᠯᠠᠭᠤᠯᠤᠭᠰᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠡᠶᠢᠲᠡ 151 ᠥᠷᠲᠡᠭᠡ ᠴᠡᠭ ᠢ ᠬᠠᠮᠤᠷᠴᠤ᠂ ᠪᠥᠬᠦ | ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠤᠷᠤᠯᠴᠠᠨ ᠤᠬᠠᠭᠤᠯᠬᠤ᠂ ᠮᠠᠨ ᠤ ᠣᠷᠣᠨ ᠤ ︽ᠨᠢᠭᠡ | ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠨ ᠳᠤᠮᠳᠠ ᠲᠦᠪᠰᠢᠨ ᠳᠤ ᠳᠠᠪᠰᠢᠬᠤ︾ ᠠᠮᠢᠳᠤᠯᠢᠭ ᠦᠢᠯᠡᠳᠦᠯᠭᠡ | ᠪᠠ ᠬᠠᠮᠤᠭ ᠤᠨ ᠰᠢᠨ᠎ᠡ ᠦᠷ᠎ᠡ ᠪᠦᠲᠦᠭᠡᠯ ᠢ ᠲᠥᠪᠯᠡᠷᠡᠭᠦᠯᠦᠨ ᠦᠵᠡᠭᠦᠯᠬᠦ᠂ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠢ ᠴᠢᠩᠭᠠᠳᠬᠠᠬᠤ ᠶᠢᠨ ᠴᠢᠬᠤᠯᠠ ᠲᠠᠪᠴᠠᠩ ᠪᠣᠯᠤᠭᠰᠠᠨ ᠪᠠᠶᠢᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠠᠶᠢᠲᠤᠷ | ᠤᠬᠠᠭᠤᠯᠤᠨ ᠲᠠᠶᠢᠯᠪᠤᠷᠢᠯᠠᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠰᠢᠨ᠎ᠡ | ᠪᠠᠶᠢᠳᠠᠯ ᠳᠣᠣᠷᠠᠬᠢ ᠵᠠᠰᠠᠭ ᠤᠨ ᠣᠷᠳᠣᠨ ᠤ ᠰᠦᠯᠵᠢᠶᠡᠨ ᠤ ᠪᠠᠶᠢᠭᠤᠯᠤᠯᠲᠠ ᠪᠠ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ | ᠶᠠᠪᠤᠳᠠᠯ ᠤᠨ ᠮᠣᠩᠭᠤᠯ ᠰᠦᠯᠵᠢᠶ᠎ᠡ ᠶᠢ ᠰᠠᠶᠢᠲᠤᠷ ᠡᠷᠬᠢᠯᠡᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ︽ᠨᠢᠭᠡ ᠭᠤᠣᠯ ᠰᠢᠵᠢᠮ ᠢ ᠲᠤᠭᠤᠰᠢᠯᠠᠭᠤᠯᠵᠤ | ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ | ᠵᠠᠮ ᠨᠡᠭᠡᠭᠡᠨ ᠳᠤᠮᠳᠠ ᠲᠦᠪᠰᠢᠨ ᠳᠤ ᠳᠠᠪᠰᠢᠬᠤ︾ ᠪᠠᠷ ᠴᠢᠩᠭ᠎ᠠ ᠠᠳᠬᠤᠨ᠂ ᠮᠠᠨ ᠤ ᠣᠷᠣᠨ ᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ︽ | ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ | ᠠᠵᠢᠯᠯᠠᠭᠠᠨ︾ ᠢ ᠥᠷᠨᠢᠭᠦᠯᠬᠦ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ᠂ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠪᠠ ᠠᠬᠢᠯᠲᠠ ᠶᠢᠨ ᠦᠷ᠎ᠡ ᠪᠦᠲᠦᠮᠵᠢ ᠶᠢ ᠶᠡᠭᠡ ᠪᠠᠷ ᠤᠬᠠᠭᠤᠯᠵᠤ᠂ ᠵᠠᠰᠠᠭ ᠤᠨ ᠶᠠᠪᠤᠳᠠᠯ ᠤᠨ ᠮᠣᠩᠭᠤᠯ | ᠰᠦᠯᠵᠢᠶᠡᠨ ᠤ ᠤᠯᠠᠮᠵᠢᠯᠠᠨ ᠳᠡᠯᠭᠡᠷᠡᠭᠦᠯᠬᠦ ᠬᠦᠴᠦᠨ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠬᠦ | ᠬᠡᠷᠡᠭᠲᠡᠢ ᠭᠡᠵᠡᠢ᠃ | | | | | ᠲᠣᠰ ᠪᠣᠯᠪᠠᠰᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶᠠᠨ ᠤ ᠳᠡᠭᠡᠳᠦ ᠵᠡᠷᠭᠡ ᠶᠢᠨ ᠢᠨᠵᠧᠨᠧᠷ ︽ᠵᠠᠰᠠᠭ ᠤᠨ ᠣᠷᠳᠣᠨ ᠤ | ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠥᠷᠥ ᠶᠢᠨ ᠪᠣᠳᠣᠯᠭ᠎ᠠ ᠶᠢᠨ ᠵᠠᠳᠠᠯᠤᠯᠲᠠ︾ | ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠶᠠᠪᠤᠳᠠᠯ ᠤᠨ ᠮᠣᠩᠭᠤᠯ ᠰᠦᠯᠵᠢᠶᠡᠨ ᠤ ᠭᠤᠷᠪᠠᠳᠠᠭᠢ ᠲᠠᠯ᠎ᠠ ᠶᠢᠨ ᠮᠡᠷᠭᠡᠵᠢᠯ ᠤᠨ ᠠᠵᠢᠯᠯᠠᠭᠤᠯᠵᠤ ᠪᠠᠲᠤᠯᠠᠬᠤ | ᠪᠦᠯᠬᠦᠮ ᠤᠨ ᠲᠤᠰᠬᠠᠢ ᠮᠡᠷᠭᠡᠵᠢᠯᠲᠡᠨ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ ᠤ ᠠᠭᠤᠯᠭ᠎ᠠ ᠶᠢᠨ | ᠬᠠᠮᠢᠶᠠᠷᠤᠯᠲᠠ ᠶᠢᠨ ᠰᠢᠨ᠎ᠡ ᠰᠢᠰᠲ᠋ᠧᠮ ᠢ ᠬᠡᠷᠡᠭᠯᠡᠬᠦ ᠠᠷᠭ᠎ᠠ ᠪᠠ ᠠᠭᠤᠯᠭ᠎ᠠ ᠶᠢ ᠠᠵᠢᠯᠯᠠᠭᠤᠯᠵᠤ ᠪᠠᠲᠤᠯᠠᠬᠤ ᠴᠤᠪᠤᠷᠠᠯ ᠢ | ᠨᠠᠷᠢᠯᠢᠭ᠌ ᠲᠠᠶᠢᠯᠪᠤᠷᠢᠯᠠᠭᠰᠠᠨ ᠤ ᠬᠠᠮᠲᠤ ᠰᠠᠯᠠᠭ᠎ᠠ ᠮᠥᠴᠢᠷ ᠤᠨ ᠬᠢᠨ ᠤ ᠵᠠᠰᠠᠭ ᠤᠨ ᠶᠠᠪᠤᠳᠠᠯ ᠤᠨ ᠮᠣᠩᠭᠤᠯ | ᠰᠦᠯᠵᠢᠶᠡᠨ ᠤ ᠠᠵᠢᠯᠯᠠᠭᠠᠨ ᠪᠠ ᠬᠠᠮᠢᠶᠠᠷᠤᠯᠲᠠ ᠶᠢᠨ ᠲᠠᠯ᠎ᠠ ᠪᠠᠷ ᠲᠤᠯᠭᠠᠷᠠᠭᠰᠠᠨ ᠠᠰᠠᠭᠤᠳᠠᠯ ᠤᠳ ᠢ ᠲᠤᠬᠠᠢ ᠶᠢᠨ | ᠲᠠᠯᠠᠪᠤᠷ ᠲᠤ ᠨᠢ ᠬᠠᠷᠢᠭᠤᠯᠪᠠ᠃ | |