ᠨᠢᠭᠡ᠂ ᠲᠣᠭᠲᠠᠭᠠᠭᠰᠠᠨ ᠠᠬᠤᠶ ᠪᠠᠶᠢᠳᠠᠯ | | ᠶᠡᠷᠦᠩᠬᠡᠶ ᠱᠦᠵᠢ ᠰᠢ ᠶᠢᠨ ᠫᠢᠩ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ | ᠲᠤᠬᠠᠶ ᠴᠢᠬᠤᠯᠠ ᠵᠢᠭᠠᠪᠤᠷᠢ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠣᠯᠤᠨ | ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠵᠤ᠂ ︽ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠬᠦᠴᠦᠯᠡᠴᠡ ᠬᠦᠷᠦᠯᠴᠡᠬᠦ ᠥᠬᠡᠶ︾ ᠪᠠ | ︽ᠣᠯᠠᠨ ᠲᠦᠮᠡᠨ ᠤ ᠰᠡᠷᠭᠡᠶᠢᠯᠡᠯᠲᠡ ᠶᠢᠨ ᠱᠤᠭᠤᠮ ᠪᠠᠲᠤ ᠪᠠᠬᠢ ᠪᠢᠰᠢ︾ ᠭᠡᠬᠦ ᠬᠤᠶᠠᠷ ᠶᠡᠭᠡ ᠠᠰᠠᠭᠤᠳᠠᠯ ᠢ | ᠰᠢᠢᠳᠪᠦᠷᠢᠯᠡᠵᠦ᠂ ᠣᠯᠠᠨ ᠨᠡᠶᠢᠲᠡ ᠶᠢᠨ ᠭᠠᠯ ᠢ ᠰᠡᠷᠭᠡᠶᠢᠯᠡᠨ ᠤᠨᠲᠠᠷᠠᠭᠠᠬᠤ ᠤᠬᠠᠮᠰᠠᠷ ᠪᠠ ᠴᠢᠳᠠᠪᠤᠷᠢ ᠶᠢ | ᠳᠡᠭᠡᠭᠰᠢᠯᠡᠭᠦᠯᠵᠦ᠂ ᠲᠦᠢᠮᠡᠷ ᠤᠨ ᠭᠠᠮᠰᠢᠭ ᠡᠭᠦᠰᠬᠦ ᠢ ᠰᠡᠷᠭᠡᠶᠢᠯᠡᠬᠦ ᠪᠠ ᠬᠤᠬᠢᠷᠠᠯ ᠢ ᠪᠠᠭᠠᠰᠬᠠᠬᠤ ᠶᠢᠨ ᠲᠥᠯᠥᠭᠡ᠂ | ᠬᠡᠰᠢᠭᠲᠡᠨ ᠬᠤᠰᠢᠭᠤ ᠨᠢ ︽2025 ᠣᠨ ᠤ ᠬᠡᠰᠢᠭᠲᠡᠨ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢᠨ ᠠᠵᠢᠯ ᠤᠨ ᠲᠥᠰᠦᠯ︾ ᠢ ᠲᠣᠭᠲᠠᠭᠠᠪᠠ᠂ | | ᠬᠤᠶᠠᠷ᠂ ᠲᠣᠭᠲᠠᠭᠠᠭᠰᠠᠨ ᠶᠠᠪᠤᠴᠠ | | ᠬᠡᠰᠢᠭᠲᠡᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠳᠡᠭᠡᠳᠦ | ᠱᠠᠲᠤᠨ ᠤ ᠱᠠᠭᠠᠷᠳᠠᠯᠭ᠎ᠠ ᠶᠢ ᠦᠨᠳᠦᠰᠦᠯᠡᠨ᠂ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠲᠥᠰᠦᠯ ᠢ ᠲᠤᠭᠤᠷᠪᠢᠵᠤ᠂ 3 ᠰᠠᠷ᠎ᠠ ᠶᠢᠨ 17 ᠤ ᠡᠳᠦᠷ ᠬᠤᠰᠢᠭᠤᠨ ᠤ ᠵᠠᠰᠠᠭ ᠤᠨ ᠣᠷᠳᠣᠨ ᠠᠴᠠ ᠨᠡᠶᠢᠲᠡᠯᠡᠪᠡ᠃ | | | ᠭᠤᠷᠪᠠ᠂ ᠭᠤᠣᠯ ᠠᠭᠤᠯᠭ᠎ᠠ | | 1. ᠣᠬᠠᠭᠤᠯᠭ᠎ᠠ ᠶᠢᠨ ᠭᠤᠣᠯᠳᠠᠯᠭ᠎ᠠ | ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ | ᠡᠯ᠎ᠡ ᠱᠠᠲᠤᠨ ᠤ ᠭᠠᠯ ᠢ ᠰᠡᠷᠭᠡᠶᠢᠯᠡᠨ ᠤᠨᠲᠠᠷᠠᠭᠠᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠳᠤᠭᠲᠠᠭᠠᠯ | ᠭᠠᠯ ᠲᠦᠢᠮᠡᠷ ᠤᠨ ᠳᠣᠬᠢᠶᠠᠨ ᠤ ᠤᠲᠠᠰᠤ | 2. ᠣᠬᠠᠭᠤᠯᠭ᠎ᠠ ᠶᠢᠨ ᠬᠤᠭᠤᠴᠠᠭ᠎ᠠ | ᠬᠠᠪᠤᠷ ᠤᠨ ᠤᠯᠠᠷᠢᠯ᠄ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ | ᠨᠠᠮᠤᠷ ᠤᠨ ᠤᠯᠠᠷᠢᠯ᠄ 9 ᠰᠠᠷ᠎ᠠ ᠶᠢᠨ 15 ᠤ ᠡᠳᠦᠷ ᠠᠴᠠ 11 ᠰᠠᠷ᠎ᠠ ᠶᠢᠨ 15 ᠤ ᠡᠳᠦᠷ | ᠲᠠᠪᠤᠨ ᠰᠠᠷ᠎ᠠ ᠶᠢᠨ ᠨᠢᠭᠡᠨ᠂ ᠤᠯᠤᠰ ᠤᠨ ᠪᠠᠶᠠᠷ᠂ ᠴᠠᠭᠠᠨ ᠰᠠᠷ᠎ᠠ ᠵᠡᠷᠭᠡ ᠣᠶ ᠰᠢᠭᠤᠶ ᠨᠤᠲᠤᠭ | ᠪᠡᠯᠴᠢᠭᠡᠷ ᠤᠨ ᠭᠠᠯ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ | | 3. ᠭᠤᠤᠯ ᠠᠷᠭ᠎ᠠ ᠭᠡᠮᠵᠢᠶ᠎ᠠ | | ᠭᠤᠣᠯᠳᠠᠯᠭ᠎ᠠ ᠲᠠᠢ ᠴᠠᠭ ᠬᠤᠭᠤᠴᠠᠭ᠎ᠠ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ | ᠬᠥᠮᠦᠰ ᠲᠤ ᠴᠢᠭᠯᠡᠭᠦᠯᠦᠨ᠂ ᠤᠯᠠᠮᠵᠢᠯᠠᠯᠲᠤ ᠠᠷᠭ᠎ᠠ ᠠᠪᠴᠠᠯ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ | ᠠᠷᠭ᠎ᠠ ᠠᠪᠴᠠᠯ ᠢ ᠠᠰᠢᠭᠯᠠᠵᠤ᠂ ᠬᠠᠤᠯᠢ ᠴᠠᠭᠠᠵᠠ ᠬᠠᠤᠯᠢ ᠲᠣᠭᠲᠠᠭᠠᠯ᠂ ᠭᠠᠯ ᠢ ᠰᠡᠷᠭᠡᠶᠢᠯᠡᠨ ᠤᠨᠲᠠᠷᠠᠭᠠᠬᠤ | ᠮᠡᠳᠡᠯᠭᠡ ᠪᠠ ᠰᠡᠷᠡᠮᠵᠢᠯᠡᠭᠦᠯᠬᠦ ᠬᠡᠷᠡᠭ ᠤᠨ ᠵᠢᠱᠢᠶ᠎ᠡ ᠶᠢ ᠤᠬᠠᠭᠤᠯᠵᠤ᠂ ᠤᠬᠠᠭᠤᠯᠭ᠎ᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ | | 4. ᠠᠵᠢᠯ ᠤᠨ ᠱᠠᠭᠠᠷᠳᠡᠯᠭ᠎ᠠ | | ᠤᠬᠠᠭᠤᠯᠭ᠎ᠠ ᠬᠥᠮᠦᠵᠢᠯ ᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠬᠤ ᠴᠢᠬᠤᠯᠠ ᠦᠢᠯᠡᠳᠦᠯᠭᠡ ᠪᠣᠯᠭᠠᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ︔ | | ᠤᠯᠠᠮ ᠨᠢᠭᠡ ᠠᠯᠬᠤᠮ ᠨᠠᠷᠢᠯᠢᠭᠵᠢᠭᠤᠯᠬᠤ ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠶ ᠬᠡᠷᠡᠭᠵᠢᠭᠦᠯᠵᠦ᠂ | ᠤᠬᠠᠭᠤᠯᠭ᠎ᠠ ᠶᠢᠨ ᠦᠷ᠎ᠡ ᠪᠦᠲᠦᠮᠵᠢ ᠶᠢ ᠪᠠᠲᠤᠯᠠᠨ᠎ᠠ︔ | ᠰᠠᠨᠠᠭᠠᠴᠢᠯᠠᠭ᠎ᠠ ᠠᠴᠠ ᠪᠠᠨ ᠨᠡᠶᠢᠲᠡᠯᠡᠵᠦ᠂ ᠰᠦᠯᠵᠢᠶᠡᠨ ᠤ ᠴᠤᠤᠷᠬᠠᠯ ᠵᠡᠷᠭᠡ ᠪᠠᠶᠢᠳᠠᠯ ᠳᠤ ᠴᠢᠩᠭ᠎ᠠ | ᠴᠣᠬᠢᠯᠲᠠ ᠥᠭᠭᠦᠨ᠎ᠡ︔ | ᠮᠡᠳᠡᠭᠡ ᠵᠠᠩᠭᠢ ᠶᠢᠨ ᠮᠠᠲ᠋ᠧᠷᠢᠶᠠᠯ ᠢ ᠡᠮᠬᠢᠯᠡᠬᠦ ᠠᠵᠢᠯ ᠢ ᠰᠠᠶᠢᠲᠤᠷ ᠬᠢᠵᠦ᠂ ᠲᠤᠷᠰᠢᠯᠭ᠎ᠠ ᠪᠠᠨ ᠳ᠋ᠦᠩᠨᠡᠵᠦ᠂ | ᠭᠤᠣᠯ ᠵᠠᠭᠤᠴᠢᠯᠠᠭᠤᠷ ᠢ ᠠᠰᠢᠭᠯᠠᠨ ᠤᠬᠠᠭᠤᠯᠭ᠎ᠠ ᠪᠠᠨ ᠴᠢᠩᠭᠠᠳᠬᠠᠨ᠎ᠠ᠃ | |