ᠲᠣᠭᠤᠷᠢᠨ ᠪᠠᠶᠢᠴᠠᠭᠠᠬᠤ ᠠᠯᠪᠠᠨ ᠮᠡᠳᠡᠭᠳᠡᠯ
ᠨᠡᠶᠢᠲᠡᠯᠡᠭᠰᠡᠨ ᠴᠠᠭ᠄
2025/4/1
     ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾᠎ ᠤᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 2025 ᠣᠨ ᠤ 3 ᠰᠠᠷ᠎ᠠ ᠶᠢᠨ 10᠎ ᠤ ᠡᠳᠦᠷ ᠠᠴᠠ 4 ᠰᠠᠷ᠎ᠠ ᠶᠢᠨ 30᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠬᠡᠰᠢᠭᠲᠡᠨ ᠬᠤᠰᠢᠭᠤᠨ ᠳᠤ ᠵᠤᠷᠰᠢᠯ ᠤᠨ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ᠃      ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠲᠤᠤᠱᠯᠠᠭᠤᠯᠬᠤ ᠶᠢᠨ ᠲᠣᠭᠤᠷᠢᠨ ᠳᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾᠎ ᠢ ᠠᠬᠢᠭᠤᠯᠬᠤ᠂ ︽ᠵᠢᠷᠭᠤᠭᠠᠨ ᠠᠵᠢᠯᠯᠠᠭ᠎ᠠ︾᠎ ᠶᠢ ᠥᠷᠨᠢᠭᠦᠯᠬᠦ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ᠂ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠪᠠᠶᠢᠳᠠᠯ ᠳᠤ ᠬᠢᠨᠠᠯᠲᠠ ᠲᠠᠯᠪᠢᠵᠤ᠂ ᠭᠤᠣᠯᠳᠠᠭᠤ ᠬᠡᠰᠢᠭᠲᠡᠨ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠵᠢᠴᠢ ᠪᠦᠷᠢᠯᠳᠦᠬᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠣᠯᠤᠨ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠤᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠤᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃      ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠶ ᠵᠢᠵᠢᠭᠦᠷᠯᠡᠬᠦ ᠤᠲᠠᠰᠤ ᠲᠣᠬᠢᠷᠠᠭᠤᠯᠪᠠ᠄ 0476 — 2780665᠂ ᠡᠳᠦᠷ ᠪᠦᠷᠢ ᠶᠢᠨ ᠤᠳᠠᠰᠤ ᠭᠥᠯᠢᠶᠡᠨ ᠠᠪᠬᠤ ᠴᠠᠭ ᠨᠢ 8᠄ 00᠎ ᠠᠴᠠ 18᠄ 00︔ ᠰᠢᠤᠳᠠᠨ ᠤ ᠵᠠᠬᠢᠳᠠᠯ ᠤᠨ ᠬᠠᠶᠢᠷᠴᠠᠭ᠄ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠤ A105 ᠳ᠋ᠤᠭᠠᠷ ᠰᠢᠤᠳᠠᠨ ᠤ ᠲᠤᠰᠬᠠᠶ ᠵᠠᠬᠢᠳᠠᠯ ᠤᠨ ᠬᠠᠶᠢᠷᠴᠠᠭ︔ ᠡᠯᠧᠺᠲᠷᠣᠨ ᠵᠠᠬᠢᠳᠠᠯ ᠤᠨ ᠬᠠᠶᠢᠷᠴᠠᠭ᠄ DWXSKTQ@163.com︔ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠤᠷᠪᠤᠯᠵᠢᠯᠠᠭ᠎ᠠ ᠶᠢ ᠬᠦᠯᠢᠶᠡᠨ ᠠᠪᠬᠤ ᠭᠠᠵᠠᠷ᠄ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠠᠯᠪᠠᠨ ᠠᠰᠠᠷ ᠤᠨ ᠵᠡᠭᠦᠨ ᠲᠠᠯ᠎ᠠ ᠶᠢᠨ ᠡᠭᠦᠳᠡᠨ ᠳᠣᠲᠣᠷᠠᠬᠢ ᠲᠢᠩᠬᠢᠮ᠃ ᠡᠭᠦᠨ ᠤ ᠬᠠᠮᠲᠤ᠂ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠠᠰᠠᠷ ᠤᠨ ᠬᠤᠶᠢᠲᠤ ᠡᠭᠦᠳᠡᠨ ᠤ ᠪᠠᠷᠠᠭᠤᠨ ᠲᠠᠯ᠎ᠠ︔ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠡᠮᠦᠨᠡᠰᠢ 50 ᠮᠧᠲᠷ︔ ᠪᠢᠷᠠᠭᠤ ᠨᠠᠢᠮᠠᠳᠤᠭᠠᠷ ᠵᠡᠭᠡᠯᠢ ᠶᠢᠨ ᠶᠢᠩᠴᠠᠩ ᠪᠡᠶ᠎ᠡ ᠶᠢᠨ ᠲᠠᠮᠢᠷ ᠤᠨ ᠲᠠᠯᠠᠪᠠᠶ ᠶᠢᠨ ᠳᠤᠮᠳᠠ ᠬᠡᠰᠡᠭ ᠤᠨ ᠡᠮᠦᠨ᠎ᠡ ᠲᠠᠯ᠎ᠠ ᠪᠠᠷ ᠬᠠᠷᠢᠯᠴᠠᠬᠤ ᠵᠠᠬᠢᠳᠠᠯ ᠤᠨ ᠬᠠᠶᠢᠷᠴᠠᠭ ᠲᠣᠬᠢᠷᠠᠭᠤᠯᠵᠤ᠂ ︽ᠺᠣᠳ᠋ ᠳᠡᠭᠡᠷ᠎ᠡ ᠪᠠᠶᠢᠴᠠᠭᠠᠬᠤ︾ ᠵᠢᠷᠤᠭ ᠨᠠᠭᠠᠪᠠ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠴᠠᠭ ᠨᠢ 2025 ᠣᠨ ᠤ 4 ᠰᠠᠷ᠎ᠠ ᠶᠢᠨ 25᠎ ᠤ ᠡᠳᠦᠷ ᠪᠣᠯᠲᠠᠯ᠎ᠠ ᠦᠷᠭᠦᠯᠵᠢᠯᠡᠨ᠎ᠡ᠃ ᠥᠷᠭᠡᠨ ᠤᠯᠠᠨ ᠺᠠᠳ᠋ᠷ ᠤᠯᠠᠨ ᠲᠦᠮᠡᠨ ᠤ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ᠂ ᠰᠤᠷᠪᠤᠯᠵᠢᠯᠠᠬᠤ ᠪᠠᠷ ᠢᠷᠡᠬᠦ ᠵᠡᠷᠭᠡ ᠠᠷᠭ᠎ᠠ ᠮᠠᠶ᠋ᠢᠭ ᠢᠶᠠᠷ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠦᠨᠡᠨ ᠪᠣᠳᠠᠲᠤ ᠪᠠᠶᠢᠳᠠᠯ ᠢᠶᠠᠨ ᠲᠤᠰᠬᠠᠬᠤ ᠶᠢ ᠪᠠᠶᠠᠷᠯᠠᠨ ᠤᠭᠲᠤᠨ᠎ᠠ᠃                ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ                ᠵᠢᠷᠭᠤᠳᠤᠭᠠᠷ ᠲᠣᠭᠤᠷᠢᠨ ᠪᠠᠢᠴᠠᠭᠠᠬᠤ ᠳᠤᠭᠤᠢᠯᠠᠩ                2025 ᠣᠨ ᠤ 3 ᠰᠠᠷ᠎ᠠ ᠶᠢᠨ 10᠎ ᠤ ᠡᠳᠦᠷ
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号