︽ᠬᠡᠰᠢᠭᠲᠡᠨ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠠᠩᠰᠢ ᠶᠢᠨ ᠬᠤᠭᠤᠴᠠᠭᠠᠨ ᠳᠠᠬᠢ ᠡᠵᠡᠮᠳᠡᠯ ᠤᠨ ᠲᠥᠰᠦᠯ︾᠎ ᠤᠨ ᠲᠥᠷᠥ ᠶᠢᠨ ᠪᠣᠳᠣᠯᠭ᠎ᠠ ᠶᠢᠨ ᠲᠣᠪᠴᠢ ᠲᠠᠶᠢᠯᠤᠮᠵᠢ
ᠨᠡᠶᠢᠲᠡᠯᠡᠭᠰᠡᠨ ᠴᠠᠭ᠄
2025/4/2
     ᠨᠢᠭᠡ᠂ ᠲᠣᠭᠲᠠᠭᠠᠭᠰᠠᠨ ᠠᠬᠤᠶ ᠪᠠᠶᠢᠳᠠᠯ      ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠬᠠᠳᠠ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯᠭᠦᠢ ᠶᠢᠨ ᠬᠠᠷᠢᠭᠤᠴᠠᠯᠭ᠎ᠠ ᠶᠢ ᠴᠢᠩᠭᠠᠳᠬᠠᠬᠤ ᠶᠢᠨ ᠲᠥᠯᠥᠭᠡ᠂ ᠲᠣᠰ ᠲᠥᠰᠦᠯ ᠢ ᠲᠣᠭᠲᠠᠭᠠᠪᠠ᠃      ᠬᠤᠶᠠᠷ᠂ ᠲᠣᠭᠲᠠᠭᠠᠭᠰᠠᠨ ᠶᠠᠪᠤᠴᠠ      ᠲᠥᠪ᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠬᠠᠳᠠ ᠬᠤᠲᠠ ᠶᠢᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠡᠰᠢᠭᠲᠡᠨ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ 3 ᠰᠠᠷ᠎ᠠ ᠶᠢᠨ 17᠎ ᠤ ᠡᠳᠦᠷ ᠲᠥᠰᠦᠯ ᠢ ᠳᠠᠷᠤᠮᠠᠯᠯᠠᠨ ᠲᠠᠷᠬᠠᠭᠠᠪᠠ᠃      ᠭᠤᠷᠪᠠ᠂ ᠭᠤᠣᠯ ᠠᠭᠤᠯᠭ᠎ᠠ      1. ᠴᠠᠭ ᠤᠨ ᠲᠣᠬᠢᠷᠠᠭᠤᠯᠤᠯᠲᠠ᠄ 2025 ᠣᠨ ᠤ 4 ᠰᠠᠷ᠎ᠠ ᠶᠢᠨ 3᠎ ᠤ ᠡᠳᠦᠷ ᠠᠴᠠ 5᠎ ᠤ ᠡᠳᠦᠷ ᠪᠣᠯᠲᠠᠯ᠎ᠠ᠂ ᠡᠳᠦᠷ ᠪᠦᠷᠢ ᠶᠢᠨ 5 ᠴᠠᠭ ᠠᠴᠠ 17 ᠴᠠᠭ ᠪᠣᠯᠲᠠᠯ᠎ᠠ᠂ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠣᠨ᠎ᠠ᠃      2. ᠭᠤᠤᠯ ᠡᠭᠦᠷᠭᠡ᠄      16 ᠰᠡᠷᠭᠡᠶᠢᠯᠡᠯᠲᠡ ᠶᠢᠨ ᠪᠣᠭᠤᠮᠲᠠ ᠲᠣᠬᠢᠷᠠᠭᠤᠯᠵᠤ᠂ ᠠᠭᠤᠯᠠ ᠶᠢ ᠪᠢᠲᠡᠭᠦᠮᠵᠢᠯᠡᠨ ᠭᠠᠯ ᠢ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃      ᠭᠤᠣᠯᠳᠠᠯᠭ᠎ᠠ ᠲᠠᠢ ᠬᠥᠮᠥᠰ ᠢ ᠴᠢᠩᠭ᠎ᠠ ᠬᠠᠮᠢᠶᠠᠷᠤᠨ ᠡᠵᠡᠮᠳᠡᠵᠦ᠂ ᠲᠤᠰᠬᠠᠢ ᠠᠵᠢᠯᠲᠠᠨ ᠲᠣᠬᠢᠷᠠᠭᠤᠯᠤᠨ ᠭᠤᠣᠯᠳᠠᠯᠭ᠎ᠠ ᠲᠠᠢ ᠭᠠᠵᠠᠷ ᠢ ᠰᠠᠬᠢᠭᠤᠯᠤᠨ᠎ᠠ᠃      ᠭᠠᠯ ᠤᠨᠲᠠᠷᠠᠭᠠᠬᠤ ᠠᠩᠭᠢ ᠶᠢᠨ ᠬᠢᠨ ᠤᠷᠢᠳᠴᠢᠯᠠᠨ ᠰᠡᠷᠭᠡᠶᠢᠯᠡᠵᠦ᠂ ᠴᠠᠭ ᠢᠮᠠᠭᠲᠠ ᠪᠡᠯᠡᠳᠬᠡᠯ ᠲᠠᠢ ᠪᠠᠶᠢᠬᠤ ᠶᠢ ᠪᠠᠲᠤᠯᠠᠨ᠎ᠠ᠃      ᠭᠤᠤᠯᠳᠠᠯᠭ᠎ᠠ ᠲᠠᠢ ᠨᠢᠭᠡᠴᠡ ᠨᠢ ᠠᠵᠢᠯ ᠲᠥᠷᠥᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠭᠠᠯ ᠢ ᠰᠡᠷᠭᠡᠶᠢᠯᠡᠬᠦ ᠠᠵᠢᠯ ᠤᠨ ᠲᠣᠭᠲᠠᠭᠤᠨ ᠢ ᠪᠠᠲᠤᠯᠠᠨ᠎ᠠ᠃      3. ᠪᠠᠲᠤᠯᠠᠭ᠎ᠠ ᠶᠢᠨ ᠠᠷᠭ᠎ᠠ ᠬᠡᠮᠵᠢᠶ᠎ᠠ᠄      ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠶᠢ ᠴᠢᠩᠳᠠᠯᠠᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃      ᠬᠡᠷᠡᠭ ᠭᠠᠷᠭᠠᠭᠰᠠᠨ ᠬᠥᠮᠥᠨ ᠢ ᠴᠢᠩᠭ᠎ᠠ ᠰᠢᠢᠳᠬᠡᠵᠦ᠂ ᠢᠯᠡ ᠪᠠᠷ ᠪᠠᠶᠢᠴᠠᠭᠠᠨ ᠳᠠᠯᠳᠠ ᠪᠠᠷ ᠰᠤᠷᠪᠤᠯᠵᠢᠯᠠᠵᠤ ᠂ ᠪᠠᠶᠢᠳᠠᠯ ᠢ ᠴᠠᠭ ᠲᠤᠬᠠᠢ ᠳᠤ ᠨᠢ ᠬᠠᠷᠢᠭᠤ ᠲᠤᠰᠬᠠᠨ᠎ᠠ᠃
 
ᠢᠷᠡᠯᠲᠡ᠄ ᠬᠡᠰᠢᠭᠲᠡᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号