︽2025 ᠣᠨ ᠤ ᠪᠥᠬᠦ ᠣᠷᠣᠨ ᠤ ︿ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ﹀ ︿ᠦᠨᠳᠦᠰᠦᠲᠡᠨ ᠤ ᠲᠤᠬᠠᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ﹀ ᠤᠨ ᠠᠵᠢᠯ ᠤᠨ ᠲᠥᠰᠥᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2025/4/29
  2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠲᠤᠬᠠᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾    ᠴᠠᠭ ᠤᠨ ᠲᠣᠬᠢᠷᠠᠭᠤᠯᠤᠯᠲᠠ    ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠄ 5 ᠳ᠋ᠤᠭᠠᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ    ᠦᠨᠳᠦᠰᠦᠲᠡᠨ ᠤ ᠲᠤᠬᠠᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ᠄ 5 ᠳ᠋ᠤᠭᠠᠷ ᠰᠠᠷ᠎ᠠ ᠶᠢᠨ 25 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ    ᠠᠵᠢᠯ ᠤᠨ ᠭᠤᠣᠯ ᠰᠡᠳᠦᠪ    ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃    ᠶᠡᠷᠦᠩᠬᠡᠢ ᠱᠠᠭᠠᠷᠳᠠᠯᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠲᠤᠬᠠᠢ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠦᠵᠡᠯ ᠰᠠᠨᠠᠭ᠎ᠠ ᠪᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠱᠤᠭᠤᠮ ᠪᠣᠯᠭᠠᠵᠤ᠂ ︽ᠳᠥᠷᠪᠡ ᠶᠢ ᠶᠡᠭᠡ ᠪᠠᠷ ᠤᠬᠠᠭᠤᠯᠬᠤ︾ ᠪᠠ ︽ᠭᠤᠷᠪᠠ ᠶᠢ ᠲᠣᠳᠣᠷᠬᠠᠶᠢᠯᠠᠨ ᠶᠠᠷᠢᠬᠤ︾ ᠯᠤᠭ᠎ᠠ ᠨᠢᠭᠲᠠ ᠤᠶᠠᠯᠳᠤᠭᠤᠯᠤᠨ᠂ ᠨᠠᠮ ᠤᠨ ᠦᠨᠳᠦᠰᠦᠲᠡᠨ ᠤ ᠲᠤᠬᠠᠢ ᠣᠨᠣᠯ ᠤᠨ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠥᠵᠢᠭᠦᠯᠦᠨ ᠳᠠᠭᠠᠭᠤᠯᠵᠤ ᠪᠠᠶᠢᠭᠠᠳ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠂ ︽ᠨᠢᠭᠡ ᠭᠤᠣᠯ ᠰᠢᠵᠢᠮ ᠢ ᠲᠤᠭᠤᠰᠢᠯᠠᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠳᠠᠪᠰᠢᠬᠤ︾ ᠲᠠᠯ᠎ᠠ ᠪᠠᠷ ᠨᠡᠩ ᠶᠡᠭᠡ ᠠᠬᠢᠴᠠ ᠲᠠᠢ ᠪᠣᠯᠬᠤ ᠪᠠᠷ ᠴᠢᠷᠮᠠᠶᠢᠨ᠎ᠠ᠃    ᠭᠤᠣᠯᠳᠠᠯᠭ᠎ᠠ ᠲᠠᠢ ᠤᠬᠠᠭᠤᠯᠬᠤ ᠠᠭᠤᠯᠭ᠎ᠠ    ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ︔ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠲᠤᠬᠠᠢ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ︔ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠲᠤᠬᠠᠢ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ︔ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ ᠪᠠᠷ ᠦᠨᠳᠦᠰᠦᠨ ᠠᠭᠤᠯᠤᠭᠳᠠᠬᠤᠨ ᠪᠣᠯᠭᠠᠭᠰᠠᠨ ᠤᠮᠠᠷᠠᠲᠤ ᠬᠢᠯᠢ ᠶᠢᠨ ᠰᠣᠶᠣᠯ ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠃    ᠠᠵᠢᠯ ᠤᠨ ᠲᠣᠬᠢᠷᠠᠭᠤᠯᠤᠯᠲᠠ    ᠲᠤᠰᠬᠠᠢ ᠬᠦᠷᠢᠶᠡᠨ ᠳᠠᠬᠢ ᠠᠵᠢᠯ    ᠡᠨᠡ ᠵᠢᠯ ᠭᠠᠴᠠᠭ᠎ᠠ ᠲᠣᠰᠬᠤᠨ ᠪᠠ ᠨᠡᠶᠢᠭᠡᠮ ᠲᠣᠭᠤᠷᠢᠭ ᠲᠤ ᠭᠤᠣᠯᠳᠠᠯᠭ᠎ᠠ ᠲᠠᠢ ᠬᠠᠨᠳᠤᠭᠤᠯᠤᠨ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ᠂ ᠴᠡᠷᠢᠭ ᠤᠨ ᠰᠤᠮᠤᠨ ᠠᠩᠭᠢ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠭᠠᠵᠠᠷ᠂ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ᠂ ᠰᠦᠯᠵᠢᠶ᠎ᠡ ᠵᠡᠷᠭᠡ 9 ᠬᠦᠷᠢᠶ᠎ᠡ ᠴᠠᠷᠠᠭ᠎ᠠ ᠵᠢᠴᠢ ᠨᠡᠶᠢᠭᠡᠮ ᠤᠨ ᠡᠯ᠎ᠡ ᠬᠦᠷᠢᠶ᠎ᠡ ᠶᠢ ᠨᠢᠭᠡᠳᠦᠯᠲᠡᠢ ᠲᠥᠯᠥᠪᠯᠡᠨ ᠬᠠᠮᠤᠷᠴᠤ ᠠᠵᠢᠯ ᠢᠶᠠᠨ ᠥᠷᠨᠢᠭᠦᠯᠦᠨ᠎ᠡ᠃    ᠠᠯᠪᠠᠨ ᠪᠠᠶᠢᠭᠤᠯᠭ᠎ᠠ ᠳᠤ ᠦᠷᠨᠢᠭᠦᠯᠦᠨ᠎ᠡ    ︽ᠭᠤᠷᠪᠠᠨ ᠬᠤᠷᠠᠯ ᠨᠢᠭᠡ ᠬᠢᠴᠢᠶᠡᠯ︾᠂ ᠨᠠᠮ ᠤᠨ ᠭᠤᠣᠯ ᠰᠡᠳᠦᠪᠲᠦ ᠡᠳᠦᠷ᠂ ᠠᠯᠪᠠᠨ ᠪᠠᠶᠢᠭᠤᠯᠭ᠎ᠠ ᠶᠢᠨ ᠺᠠᠳ᠋ᠷᠴᠤᠳ ᠤᠨ ᠤᠯᠤᠰ ᠲᠥᠷᠥ ᠣᠨᠣᠯ ᠤᠨ ᠰᠤᠷᠤᠯᠴᠠᠯᠭ᠎ᠠ ᠵᠡᠷᠭᠡ ᠶᠢ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠪᠠᠶᠠᠯᠢᠭ ᠠᠭᠤᠯᠤᠭᠳᠠᠬᠤᠨ ᠢ ᠨᠠᠩ ᠭᠦᠨᠵᠡᠭᠡᠢ ᠲᠠᠨᠢᠭᠤᠯᠤᠨ᠎ᠠ᠃ ᠠᠯᠪᠠᠨ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ᠂ ᠠᠵᠢᠯ ᠠᠴᠠ ᠪᠠᠨ ᠠᠮᠠᠷᠠᠭᠰᠠᠨ ᠺᠠᠳ᠋ᠷ᠂ ᠲᠤᠰᠬᠠᠢ ᠮᠡᠷᠭᠡᠵᠢᠯᠲᠡᠨ ᠡᠷᠳᠡᠮᠲᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠨ᠎ᠡ᠃ ᠬᠤᠣᠰᠯᠠᠯ ᠪᠠᠶᠢᠭᠤᠯᠵᠤ ᠬᠠᠮᠲᠤ ᠪᠠᠷ ᠪᠠᠶᠢᠭᠤᠯᠬᠤ᠂ ᠬᠤᠶᠠᠷ ᠲᠤ ᠮᠡᠳᠡᠭᠦᠯᠦᠨ ᠬᠤᠶᠠᠷ ᠲᠤ ᠦᠢᠯᠡᠴᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠦᠢᠯᠡᠴᠢᠯᠡᠬᠦ ᠡᠲᠡᠭᠡᠳ ᠪᠠ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠨᠢᠭᠡ ᠪᠦᠯᠦᠭ ᠪᠣᠳᠠᠲᠤ ᠶᠠᠪᠤᠳᠠᠯ ᠢ ᠰᠠᠶᠢᠲᠤᠷ ᠰᠢᠢᠳᠪᠦᠷᠢᠯᠡᠨ ᠭᠦᠢᠴᠡᠳᠬᠡᠵᠦ᠂ ᠠᠯᠪᠠᠨ ᠪᠠᠶᠢᠭᠤᠯᠭ᠎ᠠ ᠶᠢᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠦᠨᠳᠦᠰᠦᠲᠡᠨ ᠤ ᠲᠤᠬᠠᠢ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠬᠡᠪ ᠳᠠᠭᠤᠷᠢᠶᠠᠯ ᠪᠣᠯᠵᠤ᠂ ᠦᠯᠢᠭᠡᠷ ᠳᠠᠭᠤᠷᠢᠶᠠᠯ ᠦᠵᠡᠭᠦᠯᠦᠨ᠎ᠡ᠃    ᠠᠵᠤ ᠠᠬᠤᠶᠢᠯᠠᠯ ᠳᠤ ᠦᠷᠨᠢᠭᠦᠯᠦᠨ᠎ᠡ    ︽ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ︾ ᠯᠤᠭ᠎ᠠ ᠤᠶᠠᠯᠳᠤᠭᠤᠯᠤᠨ᠂ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠤᠭᠤᠰᠢᠯᠠᠭᠤᠯᠬᠤ ᠬᠦᠴᠦᠨ ᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ ᠰᠤᠷᠤᠯᠴᠠᠯᠭ᠎ᠠ᠂ ᠪᠣᠯᠪᠠᠰᠤᠷᠠᠯ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠦᠢᠯᠡᠴᠢᠯᠡᠭᠡ ᠶᠢ ᠦᠢᠯᠡᠳᠪᠦᠷᠢ ᠶᠢᠨ ᠲᠠᠰᠤᠭ ᠪᠠ ᠠᠩᠭᠢ ᠳᠤᠭᠤᠶᠢᠯᠠᠩ ᠳᠤ ᠬᠦᠷᠭᠡᠬᠦ ᠠᠵᠢᠯ ᠢ ᠦᠷᠨᠢᠭᠦᠯᠦᠨ᠂ ᠨᠠᠮ ᠤᠨ ᠡᠭᠦᠷ ᠤᠨ ᠱᠦᠵᠢ ᠶᠢ ᠵᠣᠬᠢᠶᠠᠨ ᠪᠠᠶᠢᠭᠤᠯᠵᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠢ ᠰᠡᠳᠦᠪᠲᠦ ᠨᠠᠮ ᠤᠨ ᠬᠢᠴᠢᠶᠡᠯ ᠶᠠᠷᠢᠭᠤᠯᠵᠤ᠂ ᠬᠠᠮᠲᠤ ᠶᠢᠨ ᠠᠵᠢᠯᠯᠠᠭ᠎ᠠ ᠵᠢᠴᠢ ᠰᠢᠯᠢᠳᠡᠭ ᠨᠠᠮ ᠤᠨ ᠭᠡᠰᠢᠭᠦᠨ᠂ ᠠᠵᠢᠯ ᠲᠦᠷᠦᠯ ᠤᠨ ᠬᠤᠰᠢᠭᠤᠴᠢᠯᠠᠭᠴᠢ᠂ ᠬᠥᠳᠡᠯᠮᠦᠷᠢ ᠶᠢᠨ ᠵᠢᠱᠢᠶᠡᠴᠢ ᠤᠷᠠᠨ ᠳᠠᠷᠬᠠᠳ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠲᠠᠨ ᠠᠵᠢᠯᠴᠢᠨ ᠤ ᠦᠰᠦᠨ ᠪᠤᠶᠢᠵᠢᠯᠲᠠ ᠪᠠ ᠠᠵᠤ ᠠᠬᠤᠶᠢᠯᠠᠯ ᠤᠨ ᠬᠥᠭᠵᠢᠯᠲᠡ ᠶᠢ ᠬᠤᠯᠪᠣᠯᠳᠤᠭᠤᠯᠤᠭᠰᠠᠨ ︽ᠰᠡᠳᠬᠢᠯ ᠤᠨ ᠬᠤᠯᠪᠣᠭᠠᠰᠤ︾ ᠶᠢ ᠪᠠᠶᠢᠭᠤᠯᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃    ᠨᠡᠶᠢᠭᠡᠮ ᠲᠣᠭᠤᠷᠢᠭ ᠲᠤ ᠦᠷᠨᠢᠭᠦᠯᠦᠨ᠎ᠡ    ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠ ᠠᠳᠠᠯ ᠠᠬᠤᠢ ᠶᠢᠨ ᠬᠢᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠠᠳᠠᠯ ᠠᠬᠤᠢ ᠶᠢᠨ ᠸᠢᠴᠠᠲ ᠤᠨ ᠴᠤᠭᠯᠠᠷᠠᠯ᠂ ᠬᠤᠪᠢᠰᠬᠠᠯᠲᠤ ᠰᠦᠯᠵᠢᠶᠡᠨ ᠤ ᠴᠤᠭᠯᠠᠷᠠᠯ᠂ ᠦᠵᠡᠭᠦᠯᠭᠡ ᠶᠢᠨ ᠰᠠᠮᠪᠠᠷ᠎ᠠ ᠵᠡᠷᠭᠡ ᠶᠢ ᠠᠰᠢᠭᠯᠠᠨ᠂ ᠠᠷᠠᠳ ᠲᠤ ᠠᠰᠢᠭ ᠬᠦᠷᠲᠡᠭᠡᠬᠦ ᠨᠠᠮ ᠤᠨ ᠲᠥᠷᠥ ᠶᠢᠨ ᠪᠣᠳᠣᠯᠭ᠎ᠠ ᠬᠢᠭᠡᠳ ᠦᠨᠳᠦᠰᠦᠲᠡᠨ ᠨᠦᠭᠦᠳ ᠤᠨ ᠣᠯᠠᠨ ᠲᠦᠮᠡᠨ ᠯᠦᠭᠡ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠢᠯᠢᠳᠡᠭ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠲᠣᠭᠯᠠᠨ ᠨᠡᠪᠲᠡᠷᠡᠭᠦᠯᠬᠦ᠂ ᠬᠥᠷᠰᠢ ᠵᠡᠷᠭᠡᠯᠡᠳᠡᠭᠡ ᠪᠠᠷ ᠢᠶᠠᠨ ᠪᠦᠯᠬᠦᠮᠳᠡᠨ ᠬᠠᠪᠰᠤᠷᠤᠯᠴᠠᠬᠤ ᠰᠢᠷᠢᠰ ᠠᠵᠢᠯᠯᠠᠭ᠎ᠠ ᠶᠢ ᠦᠷᠨᠢᠭᠦᠯᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠰᠠᠭᠤᠷᠢᠰᠢᠨ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠥᠷᠲᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠪᠠᠶᠠᠰᠬᠤ ᠨᠡᠶᠢᠭᠡᠮ ᠤᠨ ᠨᠥᠬᠦᠴᠡᠯ ᠢ ᠢᠳᠡᠪᠬᠢᠲᠡᠢ ᠪᠣᠢ ᠪᠣᠯᠭᠠᠨ᠎ᠠ᠃    ᠭᠠᠴᠠᠭ᠎ᠠ ᠲᠣᠰᠬᠤᠨ ᠳᠤ ᠦᠷᠨᠢᠭᠦᠯᠦᠨ᠎ᠡ    ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠬᠤ︾ ᠠᠵᠢᠯᠯᠠᠭᠠᠨ ᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠭᠦᠨ᠂ ᠲᠣᠰᠬᠤᠨ ᠳᠤ ᠰᠠᠭᠤᠭᠰᠠᠨ ᠠᠵᠢᠯᠯᠠᠬᠤ ᠠᠩᠭᠢ᠂ ᠠᠬᠠᠮᠠᠳ ᠨᠠᠮ ᠤᠨ ᠭᠡᠰᠢᠭᠦᠨ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ ᠨᠢ ᠡᠳᠦᠷ ᠲᠤᠲᠤᠮ ᠤᠨ ᠠᠵᠢᠯ ᠲᠠᠢ ᠪᠠᠨ ᠤᠶᠠᠯᠳᠤᠭᠤᠯᠤᠨ ᠠᠶᠢᠯ ᠡᠷᠦᠬᠡ ᠪᠠᠷ ᠰᠤᠷᠪᠤᠯᠵᠢᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠯᠦᠭᠡ ᠬᠠᠮᠲᠤ ᠪᠠᠷ ᠵᠣᠭᠤᠭ ᠳᠡᠯᠭᠡᠨ᠂ ᠨᠠᠮ ᠤᠨ ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢᠨ ᠬᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ ᠶᠠᠷᠢᠯᠴᠠᠵᠤ ᠂ ᠦᠨᠳᠦᠰᠦᠲᠡᠨ ᠨᠦᠭᠦᠳ ᠤᠨ ᠮᠠᠯᠴᠢᠨ ᠲᠠᠷᠢᠶᠠᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠳᠤ ᠣᠷᠣᠯᠴᠠᠭᠤᠯᠤᠨ᠎ᠠ᠃ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠭᠡᠳ ︽ᠠᠨᠠᠷ ᠤᠨ ᠬᠡᠯᠬᠢᠶ᠎ᠡ︾ ᠲᠦᠷᠦ ᠶᠢᠨ ᠪᠣᠳᠣᠯᠭ᠎ᠠ᠂ ᠮᠡᠷᠭᠡᠵᠢᠯ᠂ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠯᠤᠭ᠎ᠠ ᠤᠶᠠᠯᠳᠤᠭᠤᠯᠤᠨ ᠦᠨᠳᠦᠰᠦᠲᠡᠨ ᠤ 18 ᠰᠢᠶᠠᠩ ︵ᠰᠤᠮᠤ︶ ᠳᠤ ᠭᠦᠨᠵᠡᠭᠡᠶᠢᠷᠡᠵᠦ ᠨᠠᠮ ᠤᠨ ᠦᠨᠳᠦᠰᠦᠲᠡᠨ ᠤ ᠲᠤᠬᠠᠢ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠨ᠎ᠠ᠃    ᠰᠤᠷᠭᠠᠭᠤᠯᠢ ᠨᠤᠭᠤᠳ ᠲᠤ ᠦᠷᠨᠢᠭᠦᠯᠦᠨ᠎ᠡ    ᠵᠠᠯᠠᠭᠤᠴᠤᠳ ᠪᠠᠭᠠᠴᠤᠳ ᠤᠨ ᠣᠨᠴᠠᠯᠢᠭ ᠯᠤᠭ᠎ᠠ ᠤᠶᠠᠯᠳᠤᠭᠤᠯᠤᠨ ᠰᠤᠷᠭᠠᠭᠤᠯᠢ ᠶᠢᠨ ᠬᠦᠷᠢᠶᠡᠨ ᠳᠠᠬᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠡᠳᠦᠪᠲᠦ ᠠᠵᠢᠯᠯᠠᠭ᠎ᠠ ᠶᠢ ᠤᠯᠠᠨ ᠶᠠᠩᠵᠤ ᠪᠠᠷ᠂ ᠪᠠᠶᠠᠯᠢᠭ ᠬᠡᠯᠪᠡᠷᠢ ᠲᠠᠢ ᠥᠷᠨᠢᠭᠦᠯᠦᠨ᠎ᠡ᠃ ︽ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠨᠡᠶᠢᠲᠡᠯᠢᠭ ᠬᠡᠯᠡ︾ ᠶᠢᠨ ᠰᠤᠷᠭᠠᠨ ᠬᠥᠮᠦᠵᠢᠯ ᠤᠨ ᠲᠤᠰᠬᠠᠢ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠠᠷᠠᠬᠠᠨ ᠪᠠᠭ᠎ᠠ ᠠᠴᠠ ᠨᠢ ᠬᠡᠦᠬᠡᠳ ᠤᠨ ᠤᠶᠤᠨ ᠰᠠᠨᠠᠭᠠᠨ ᠳᠤ ᠬᠠᠳᠠᠩᠰᠢᠭᠤᠯᠤᠨ᠎ᠠ᠃    ᠴᠡᠷᠢᠭ ᠤᠨ ᠰᠤᠮᠤᠨ ᠠᠩᠭᠢ ᠳᠤ ᠦᠷᠨᠢᠭᠦᠯᠦᠨ᠎ᠡ    ᠨᠠᠮ ᠤᠨ ᠭᠤᠣᠯ ᠰᠡᠳᠦᠪᠲᠦ ᠡᠳᠦᠷ ᠤᠨ ᠠᠵᠢᠯᠯᠠᠭ᠎ᠠ᠂ ᠡᠯ᠎ᠡ ᠲᠥᠷᠥᠯ ᠤᠨ ᠲᠥᠪᠯᠡᠷᠡᠭᠦᠯᠦᠨ ᠪᠣᠯᠪᠠᠰᠤᠷᠠᠭᠤᠯᠬᠤ ᠪᠠ ᠡᠭᠡᠯᠵᠢᠯᠡᠨ ᠪᠣᠯᠪᠠᠰᠤᠷᠠᠭᠤᠯᠬᠤ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠣᠯᠪᠠᠰᠤᠷᠠᠯ ᠳᠤᠮᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠ ᠬᠠᠤᠯᠢ ᠪᠠᠷ ᠵᠠᠰᠠᠬᠤ ᠬᠥᠮᠦᠵᠢᠯ ᠤᠨ ᠬᠠᠪᠰᠤᠷᠤᠨ ᠵᠢᠯᠤᠭᠤᠳᠬᠤ ᠬᠢᠴᠢᠶᠡᠯ ᠢ ᠲᠣᠬᠢᠷᠠᠭᠤᠯᠵᠤ᠂ ᠬᠠᠪᠰᠤᠷᠤᠨ ᠳᠠᠭᠠᠭᠤᠯᠵᠤ ᠬᠠᠪᠰᠤᠷᠤᠨ ᠪᠠᠶᠢᠭᠤᠯᠬᠤ᠂ ᠴᠡᠭ ᠲᠤ ᠰᠠᠭᠤᠵᠤ ᠪᠠᠶᠢᠴᠠᠭᠠᠨ ᠰᠤᠳᠤᠯᠬᠤ ᠵᠡᠷᠭᠡ ᠯᠦᠭᠡ ᠤᠶᠠᠯᠳᠤᠭᠤᠯᠤᠨ᠂ ᠨᠠᠮ ᠤᠨ ᠦᠨᠳᠦᠰᠦᠲᠡᠨ ᠤ ᠲᠤᠬᠠᠢ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠪᠠ ᠲᠣᠳᠣᠷᠬᠠᠶᠢᠯᠠᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠵᠢᠯᠣᠭᠤᠳᠤᠭᠴᠢ ᠪᠠᠶᠢᠯᠳᠤᠭᠴᠢᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠤᠯᠤᠰ ᠢᠶᠠᠨ ᠬᠦᠴᠦᠷᠬᠡᠭᠵᠢᠭᠦᠯᠬᠦ ᠴᠡᠷᠢᠭ ᠢᠶᠠᠨ ᠬᠦᠴᠦᠷᠬᠡᠭᠵᠢᠭᠦᠯᠬᠦ ᠦᠢᠯᠡᠳᠦᠯᠭᠡ ᠳᠤ ᠣᠷᠣᠯᠴᠠᠭᠤᠯᠤᠨ᠎ᠠ᠃    ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠭᠠᠵᠠᠷ ᠲᠤ ᠦᠷᠨᠢᠭᠦᠯᠦᠨ᠎ᠡ    ᠨᠠᠮ ᠤᠨ ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠪᠠ ᠱᠠᠰᠢᠨ ᠰᠤᠷᠲᠠᠬᠤᠨ ᠤ ᠲᠤᠬᠠᠢ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ ᠤ ᠪᠠᠭᠰᠢ ᠠᠵᠢᠯᠲᠠᠨ ᠪᠠ ᠱᠠᠰᠢᠨ ᠰᠢᠲᠦᠭᠴᠢᠳ ᠲᠤ ᠬᠠᠨᠳᠤᠭᠤᠯᠤᠨ ᠦᠨᠳᠦᠰᠦᠨ ᠬᠠᠤᠯᠢ ᠪᠠ ᠦᠨᠳᠦᠰᠦᠲᠡᠨ ᠱᠠᠰᠢᠨ ᠰᠤᠷᠲᠠᠬᠤᠨ ᠤ ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ ᠤᠬᠠᠭᠤᠯᠵᠤ᠂ ᠡᠬᠡ ᠣᠷᠣᠨᠴᠢ ᠦᠵᠡᠯ ᠤᠨ ᠬᠥᠮᠦᠵᠢᠯ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠬᠥᠮᠦᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠱᠠᠰᠢᠨ ᠰᠤᠷᠲᠠᠬᠤᠨ ᠤ ᠪᠠᠭᠰᠢ ᠠᠵᠢᠯᠲᠠᠨ ᠪᠠ ᠱᠠᠰᠢᠨ ᠰᠢᠲᠦᠭᠴᠢᠳ ᠢ ᠢᠳᠡᠪᠬᠢᠲᠡᠢ ᠬᠦᠲᠦᠯᠦᠨ ᠵᠢᠯᠣᠭᠤᠳᠴᠤ ᠪᠠᠶᠢᠭᠠᠳ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠤ ᠡᠶ᠎ᠡ ᠵᠣᠬᠢᠴᠠᠯ᠂ ᠨᠡᠶᠢᠭᠡᠮ ᠤᠨ ᠲᠣᠭᠲᠠᠭᠤᠨ ᠪᠠᠶᠢᠳᠠᠯ ᠢ ᠤᠬᠠᠮᠰᠠᠷ ᠠᠴᠠ ᠪᠠᠨ ᠬᠠᠮᠠᠭᠠᠯᠠᠬᠤ ᠪᠣᠯᠭᠠᠨ᠎ᠠ᠃    ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠲᠤ ᠦᠷᠨᠢᠭᠦᠯᠦᠨ᠎ᠡ    ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠲᠤᠰᠬᠠᠵᠤ ᠳᠡᠶᠢᠯᠬᠦ ᠲᠡᠦᠬᠡ ᠶᠢᠨ ᠳᠤᠷᠠᠰᠬᠠᠯᠲᠤ ᠵᠦᠢᠯ ᠪᠠ ᠲᠡᠦᠬᠡ ᠶᠢᠨ ᠪᠣᠳᠠᠲᠤ ᠬᠡᠷᠡᠭ ᠢᠶᠠᠷ ᠠᠴᠢᠶᠠᠯᠠᠪᠤᠷᠢ ᠪᠣᠯᠭᠠᠵᠤ᠂ ᠵᠢᠷᠤᠭ ᠦᠰᠦᠭ ᠬᠤᠣᠰᠯᠠᠭᠤᠯᠤᠭᠰᠠᠨ ᠳᠡᠯᠭᠡᠨ ᠦᠵᠡᠭᠦᠯᠭᠡ ᠶᠢᠨ ᠰᠠᠮᠪᠠᠷ᠎ᠠ᠂ ᠪᠦᠷᠢᠨ ᠵᠠᠭᠤᠴᠢᠲᠤ ᠳᠡᠯᠭᠡᠨ ᠦᠵᠡᠭᠦᠯᠭᠡ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠲᠡᠦᠬᠡ ᠶᠢᠨ ᠳᠤᠷᠠᠰᠬᠠᠯᠲᠤ ᠵᠦᠢᠯ ᠳᠤ ᠠᠭᠤᠯᠤᠭᠳᠠᠵᠤ ᠪᠠᠶᠢᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠠᠭᠤᠯᠤᠭᠳᠠᠬᠤᠨ ᠢ ᠲᠣᠳᠣᠷᠬᠠᠶᠢᠯᠠᠨ ᠲᠠᠶᠢᠯᠪᠤᠷᠢᠯᠠᠨ᠎ᠠ᠃ ᠣᠲᠣ ᠪᠠᠶᠢᠭ᠎ᠠ ᠳᠡᠯᠭᠡᠨ ᠦᠵᠡᠭᠦᠯᠭᠡ ᠶᠢᠨ ᠪᠠᠶᠢᠷᠢᠰᠢᠯ ᠯᠤᠭ᠎ᠠ ᠤᠶᠠᠯᠳᠤᠭᠤᠯᠤᠨ ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠵᠦ ᠬᠠᠮᠲᠤ ᠪᠠᠷ ᠬᠥᠷᠲᠡᠭᠰᠡᠨ ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠶᠢ ᠰᠢᠭᠢᠳᠬᠡᠨ ᠣᠷᠣᠭᠤᠯᠵᠤ᠂ ᠤᠬᠠᠭᠤᠯᠤᠨ ᠳᠡᠯᠭᠡᠨ ᠦᠵᠡᠭᠦᠯᠬᠦ ᠪᠠᠨ ᠴᠢᠩᠭᠠᠳᠬᠠᠨ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠢ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠴᠢᠬᠤᠯᠠ ᠴᠣᠩᠬᠤᠪᠴᠢ ᠪᠣᠯᠭᠠᠨ᠎ᠠ᠃    ᠰᠦᠯᠵᠢᠶᠡᠨ ᠳᠤ ᠦᠷᠨᠢᠭᠦᠯᠦᠨ᠎ᠡ    ︽ᠢᠨᠲ᠋ᠧᠷ ᠰᠦᠯᠵᠢᠶ᠎ᠡ + ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ ᠢᠯᠠᠩᠭᠤᠶ᠎ᠠ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠢ ᠨᠦᠭᠦᠳ ᠫᠣᠷᠲ᠋ᠧᠯ ᠰᠦᠯᠵᠢᠶ᠎ᠡ ᠪᠤᠶᠤ ᠸᠢᠴᠠᠲ ᠤᠨ ᠨᠡᠶᠢᠲᠡ ᠶᠢᠨ ᠲᠠᠪᠴᠠᠩ ᠳᠤ ᠤᠬᠠᠭᠤᠯᠭ᠎ᠠ ᠶᠢᠨ ᠲᠤᠰᠬᠠᠢ ᠪᠤᠯᠤᠩ ᠭᠠᠷᠭᠠᠵᠤ᠂ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠨ᠎ᠡ᠃ ᠡᠯ᠎ᠡ ᠭᠤᠣᠯ ᠪᠣᠯᠬᠤ ᠵᠠᠭᠤᠴᠢᠯᠠᠭᠤᠷ ᠤᠨ ᠬᠢᠨ ᠰᠢᠨ᠎ᠡ ᠵᠠᠭᠤᠴᠢᠯᠠᠭᠤᠷ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶᠡᠨ ᠤ ᠢᠷᠭᠡᠳ ᠤᠨ ᠳᠤᠷᠠᠲᠠᠶ᠎ᠠ ᠬᠦᠯᠢᠶᠡᠨ ᠠᠪᠬᠤ ᠣᠬᠤᠷ ᠸᠢᠳᠢᠤ᠋ ᠵᠡᠷᠭᠡ ᠪᠦᠲᠦᠭᠡᠯ ᠢ ᠵᠣᠬᠢᠶᠠᠨ ᠪᠦᠲᠦᠭᠡᠵᠦ ᠤᠬᠠᠭᠤᠯᠤᠨ ᠲᠠᠨᠢᠯᠴᠠᠭᠤᠯᠵᠤ᠂ ᠢᠨᠲ᠋ᠧᠷ ᠰᠦᠯᠵᠢᠶ᠎ᠡ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠠᠮᠤᠭ ᠤᠨ ᠶᠡᠭᠡ ᠨᠡᠮᠡᠭᠳᠡᠯ ᠪᠣᠯᠭᠠᠨ᠎ᠠ᠃    ᠡᠯ᠎ᠡ ᠬᠦᠷᠢᠶ᠎ᠡ ᠴᠠᠷᠠᠭᠠᠨ ᠳᠤ ᠦᠷᠨᠢᠭᠦᠯᠦᠨ᠎ᠡ    ᠡᠯ᠎ᠡ ᠠᠵᠢᠯ ᠲᠦᠷᠦᠯ ᠤᠨ ᠬᠢᠨ ᠡᠷᠬᠡ ᠴᠢᠳᠠᠮᠵᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠠᠷᠭ᠎ᠠ ᠬᠡᠯᠪᠡᠷᠢ ᠪᠠ ᠠᠴᠢᠶᠠᠯᠠᠪᠤᠷᠢ ᠶᠢᠨ ᠲᠠᠯ᠎ᠠ ᠪᠠᠷ ᠢᠳᠡᠪᠬᠢᠲᠡᠢ ᠰᠢᠨ᠎ᠡ ᠶᠢ ᠡᠭᠦᠳᠴᠦ᠂ ᠨᠠᠮ ᠤᠨ ᠦᠨᠳᠦᠰᠦᠲᠡᠨ ᠤ ᠲᠤᠬᠠᠢ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠤᠬᠠᠭᠤᠯᠤᠨ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠮᠲᠤ ᠶᠢᠨ ᠤᠬᠠᠮᠰᠠᠷ ᠂ ᠡᠵᠡᠨ ᠬᠥᠮᠥᠨ ᠤ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠢ ᠪᠠᠲᠤ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠭᠤᠤ ᠶᠡᠭᠡ ᠦᠢᠯᠡᠳᠦᠯᠭᠡ ᠳᠤ ᠤᠬᠠᠮᠰᠠᠷ ᠠᠴᠠ ᠪᠠᠨ ᠣᠷᠣᠯᠴᠠᠬᠤ ᠪᠣᠯᠭᠠᠨ᠎ᠠ᠃    ᠭᠤᠣᠯ ᠲᠠᠯᠠᠪᠤᠷ ᠤᠨ ᠭᠤᠣᠯᠳᠠᠯᠭ᠎ᠠ ᠪᠣᠯᠬᠤ ᠠᠵᠢᠯ    ᠭᠤᠣᠯ ᠲᠠᠯᠠᠪᠤᠷ ᠤᠨ ᠠᠵᠢᠯᠯᠠᠭ᠎ᠠ   4 ᠳ᠋ᠦᠭᠡᠷ ᠰᠠᠷ᠎ᠠ ᠶᠢᠨ ᠰᠡᠭᠦᠯᠴᠢ ᠪᠠᠷ᠂ ᠦᠬᠠᠢ ᠬᠤᠲᠠ ᠳᠤ ᠪᠥᠬᠦ ᠣᠷᠣᠨ ᠤ ︽ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠭᠤᠣᠯ ᠲᠠᠯᠠᠪᠤᠷ ᠤᠨ ᠠᠵᠢᠯᠯᠠᠭ᠎ᠠ ᠶᠠᠪᠤᠭᠳᠠᠭᠤᠯᠤᠨ᠎ᠠ    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠢᠷᠢᠰ ᠠᠵᠢᠯᠯᠠᠭ᠎ᠠ    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠶᠢᠨ ᠵᠢᠷᠤᠭᠲᠤ ᠵᠠᠷ ᠪᠠ ᠤᠬᠠᠭᠤᠯᠭ᠎ᠠ ᠶᠢᠨ ᠣᠬᠤᠷ ᠸᠢᠳᠢᠣ᠋ ᠡᠯᠰᠡᠬᠦ ᠠᠵᠢᠯᠯᠠᠭ᠎ᠠ ᠳᠤ ᠱᠠᠩᠨᠠᠯ ᠭᠥᠷᠳᠡᠭᠰᠡᠨ ᠪᠦᠲᠦᠭᠡᠯ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠫᠤᠷᠲ᠋ᠧᠯ ᠰᠦᠯᠵᠢᠶ᠎ᠡ ᠪᠠ ᠸᠢᠴᠠᠲ ᠤᠨ ᠨᠡᠶᠢᠲᠡ ᠶᠢᠨ ᠲᠠᠪᠴᠠᠩ ᠢᠶᠠᠷ ᠳᠠᠮᠵᠢᠭᠤᠯᠤᠨ ᠱᠠᠩᠨᠠᠯ ᠭᠥᠷᠳᠡᠭᠰᠡᠨ ᠪᠦᠲᠦᠭᠡᠯ ᠢ ᠬᠤᠭᠤᠴᠠᠭ᠎ᠠ ᠪᠦᠯᠦᠭ ᠬᠤᠪᠢᠶᠠᠨ ᠳᠡᠯᠭᠡᠨ ᠦᠵᠡᠭᠦᠯᠦᠨ᠎ᠡ᠂ ᠲᠡᠳᠡᠭᠡᠷ ᠢ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠪᠠᠭᠤᠯᠭᠠᠨ ᠠᠪᠴᠤ ᠤᠬᠠᠭᠤᠯᠬᠤ ᠳᠤ ᠬᠡᠷᠡᠭᠯᠡᠵᠦ ᠪᠣᠯᠣᠨ᠎ᠠ᠃ ︽ᠭᠡᠷᠡᠯ ᠵᠢᠷᠤᠭ ᠲᠠᠬᠢ ᠤᠮᠠᠷᠠᠲᠤ ᠬᠢᠯᠢ · ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ ︱ ᠮᠢᠨᠤ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ︾ ᠭᠡᠬᠦ ᠭᠡᠷᠡᠯ ᠵᠢᠷᠤᠭ ᠤᠨ ᠪᠦᠲᠦᠭᠡᠯ ᠡᠯᠰᠡᠬᠦ ᠤᠷᠤᠯᠳᠤᠭᠠᠨ ᠤ ᠠᠵᠢᠯᠯᠠᠭ᠎ᠠ ᠶᠢ ᠡᠷᠬᠢᠯᠡᠨ᠎ᠡ᠃    ᠵᠢᠱᠢᠶ᠎ᠡ ᠦᠵᠡᠭᠦᠯᠵᠦ ᠬᠦᠲᠦᠯᠦᠨ ᠳᠠᠭᠠᠭᠤᠯᠬᠤ ᠠᠵᠢᠯᠯᠠᠭ᠎ᠠ    ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠨᠦᠭᠦᠳ ᠵᠢᠱᠢᠶ᠎ᠡ ᠦᠵᠡᠭᠦᠯᠵᠦ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠨ ᠠᠷᠭ᠎ᠠ ᠵᠠᠮ ᠢᠶᠠᠷ ᠤᠬᠠᠭᠤᠯᠭ᠎ᠠ ᠶᠢᠨ ᠠᠵᠢᠯ ᠢᠶᠠᠨ ᠰᠠᠶᠢᠲᠤᠷ ᠬᠢᠨ᠎ᠡ᠃ ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠨᠠᠷ ᠲᠦᠷᠦᠭᠦᠯᠡᠨ ᠦᠨᠳᠦᠰᠦᠨ ᠱᠠᠲᠤᠨ ᠳᠤ ᠭᠦᠨᠵᠡᠭᠡᠶᠢᠷᠡᠵᠦ ᠤᠬᠠᠭᠤᠯᠤᠨ ᠲᠠᠶᠢᠯᠪᠤᠷᠢᠯᠠᠬᠤ ᠠᠵᠢᠯ ᠦᠷᠨᠢᠭᠦᠯᠦᠨ᠎ᠡ᠃ ᠡᠯ᠎ᠡ ᠱᠠᠲᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠬᠢᠨ ᠬᠤᠯᠪᠤᠭᠠᠯᠠᠨ ᠰᠤᠷᠤᠯᠴᠠᠵᠤ ᠬᠤᠯᠪᠤᠭᠠᠯᠠᠨ ᠪᠠᠶᠢᠭᠤᠯᠬᠤ ᠵᠡᠷᠭᠡ ᠭᠤᠣᠯ ᠰᠡᠳᠦᠪᠲᠦ ᠠᠵᠢᠯᠯᠠᠭ᠎ᠠ ᠦᠷᠨᠢᠭᠦᠯᠦᠨ᠎ᠡ᠃    ᠰᠦᠯᠵᠢᠶᠡᠨ ᠤ ᠱᠠᠩᠨᠠᠯᠲᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ    ︽ᠦᠨᠳᠦᠰᠦᠲᠡᠨ ᠤ ᠲᠤᠬᠠᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠬᠤᠭᠤᠴᠠᠭᠠᠨ ᠳᠤ᠂ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠰᠦᠯᠵᠢᠶᠡᠨ ᠤ ᠱᠠᠩᠨᠠᠯᠲᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ ᠶᠢ ᠥᠷᠭᠡᠨ ᠢᠶᠠᠷ ᠳᠠᠶᠢᠴᠢᠯᠠᠨ ᠣᠷᠣᠯᠴᠠᠭᠤᠯᠵᠤ᠂ ᠠᠵᠢᠯᠯᠠᠭ᠎ᠠ ᠶᠢᠨ ᠴᠥᠷᠬᠡᠯᠡᠭᠡ ᠶᠢ ᠸᠢᠴᠠᠲ ᠤᠨ ᠨᠡᠶᠢᠲᠡ ᠶᠢᠨ ᠲᠠᠪᠴᠠᠩ ᠢᠶᠠᠷ ᠢᠳᠡᠪᠬᠢᠲᠡᠢ ᠳᠠᠮᠵᠢᠭᠤᠯᠤᠨ ᠲᠠᠷᠬᠠᠭᠠᠵᠤ᠂ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠶᠢ ᠴᠢᠷᠮᠠᠶᠢᠨ ᠥᠷᠭᠡᠳᠬᠡᠵᠦ᠂ ᠨᠡᠶᠢᠭᠡᠮ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃    ᠤᠬᠠᠭᠤᠯᠭ᠎ᠠ ᠶᠢᠨ ᠣᠬᠤᠷ ᠮᠡᠳᠡᠭᠡ ᠳᠠᠮᠵᠢᠭᠤᠯᠬᠤ ᠠᠵᠢᠯᠯᠠᠭ᠎ᠠ   5 ᠳ᠋ᠤᠭᠠᠷ ᠰᠠᠷ᠎ᠠ ᠶᠢᠨ ᠡᠬᠢ ᠪᠠᠷ᠂ ᠰᠢᠯᠵᠢᠮᠡᠯ ᠬᠤᠯᠪᠣᠭ᠎ᠠ᠂ ᠨᠢᠭᠡᠳᠦᠮᠡᠯ ᠬᠤᠯᠪᠣᠭ᠎ᠠ᠂ ᠴᠠᠬᠢᠯᠭᠠᠨ ᠬᠤᠯᠪᠣᠭ᠎ᠠ ᠵᠡᠷᠭᠡ ᠡᠵᠡᠩᠨᠡᠨ ᠠᠵᠢᠯᠯᠠᠭᠰᠠᠳ ᠢᠶᠠᠷ ᠳᠠᠮᠵᠢᠭᠤᠯᠤᠨ᠂ ᠪᠥᠬᠦ ᠣᠷᠣᠨ ᠤ ᠭᠠᠷ ᠤᠲᠠᠰᠤᠨ ᠤ ᠬᠡᠷᠡᠭᠯᠡᠭᠴᠢᠳ ᠲᠤ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠣᠬᠤᠷ ᠮᠡᠳᠡᠭᠡ ᠶᠢ ᠳᠠᠮᠵᠢᠭᠤᠯᠤᠨ᠎ᠠ᠃    ᠠᠵᠢᠯ ᠤᠨ ᠱᠠᠭᠠᠷᠳᠠᠯᠭ᠎ᠠ    ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯ ᠢ ᠥᠷᠨᠢᠭᠦᠯᠬᠦ ᠳᠤ ᠪᠠᠨ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠴᠠᠭ ᠬᠡᠮᠵᠢᠶ᠎ᠡ ᠪᠦᠲᠦᠮᠵᠢ ᠪᠠᠨ ᠡᠵᠡᠮᠳᠡᠬᠦ ᠬᠡᠷᠡᠭᠲᠡᠢ ︔ ᠠᠷᠭ᠎ᠠ ᠬᠡᠯᠪᠡᠷᠢ ᠠᠷᠭ᠎ᠠ ᠮᠠᠶ᠋ᠢᠭ ᠢ ᠠᠩᠬᠠᠷᠴᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠨ᠂ ᠱᠠᠲᠤ ᠱᠠᠲᠤ ᠪᠠᠷ ᠠᠵᠢᠯ ᠤᠨ ᠡᠭᠦᠷᠭᠡ ᠶᠢ ᠨᠢ ᠨᠡᠮᠡᠭᠳᠡᠭᠦᠯᠵᠦ ᠪᠣᠯᠬᠤ ᠦᠭᠡᠢ᠂ ᠦᠨᠳᠦᠰᠦᠨ ᠱᠠᠲᠤᠨ ᠤ ᠳᠠᠷᠤᠭᠠᠰᠤ ᠶᠢ ᠨᠢ ᠨᠡᠮᠡᠭᠳᠡᠭᠦᠯᠵᠦ ᠪᠣᠯᠬᠤ ᠦᠭᠡᠢ ︔ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠠᠷᠬᠠᠨ ᠬᠦᠯᠢᠶᠡᠨ ᠠᠪᠬᠤ ᠬᠡᠯᠪᠡᠷᠢ ᠪᠠᠷ ᠤᠬᠠᠭᠤᠯᠭ᠎ᠠ ᠶᠢᠨ ᠠᠵᠢᠯ ᠢᠶᠠᠨ ᠥᠷᠨᠢᠭᠦᠯᠵᠦ᠂ ᠪᠣᠳᠠᠲᠤ ᠬᠡᠷᠡᠭ ᠲᠤᠭ᠎ᠠ ᠪᠠᠷᠢᠮᠲᠠ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠶᠣᠰᠣ ᠤᠴᠢᠷ ᠢ ᠲᠣᠳᠣᠷᠬᠠᠶᠢᠯᠠᠬᠤ ᠳᠤ ᠪᠠᠨ ᠴᠢᠳᠠᠮᠠᠭᠠᠢ ᠪᠠᠶᠢᠬᠤ ᠬᠡᠷᠡᠭᠲᠡᠢ ︔ ᠪᠦᠲᠦᠮᠵᠢᠲᠡᠶ ᠲᠤᠷᠰᠢᠯᠭ᠎ᠠ ᠪᠠ ᠠᠷᠭ᠎ᠠ ᠶᠢ ᠴᠠᠭ ᠲᠤᠬᠠᠢ ᠳᠤ ᠨᠢ ᠳ᠋ᠦᠩᠨᠡᠵᠦ᠂ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号