ᠵᠦᠢᠯ ᠤᠨ ᠴᠡᠴᠡᠭ ᠳᠡᠯᠭᠡᠷᠡᠭᠰᠡᠨ ᠵᠤᠨ ᠪᠣᠯᠣᠯ᠎ᠠ᠂ ᠥᠪᠥᠷ ᠮᠣᠩᠭᠤᠯ ᠳᠤ ᠠᠶᠢᠯᠴᠢᠯᠠᠨ ᠢᠷᠡᠭᠰᠡᠨ ᠨᠠᠶᠢᠵᠠ | ᠨᠦᠬᠦᠳ ᠤᠨ ᠬᠠᠷᠠᠭ᠎ᠠ ᠶᠢ ᠪᠤᠯᠢᠶᠠᠵᠤ ᠰᠡᠳᠬᠢᠯ ᠢ ᠪᠠᠶᠠᠰᠬᠠᠶ᠎ᠠ᠂ ᠤᠮᠠᠷᠠᠳᠤ ᠬᠢᠯᠢ ᠶᠢᠨ ᠰᠤᠶᠤᠯ ᠤᠨ ᠠᠵᠢᠯᠯᠠᠭᠠᠨ ᠤ | ᠤᠯᠠᠷᠢᠯ ᠤᠳᠠᠯ ᠦᠭᠡᠢ ᠡᠬᠢᠯᠡᠬᠦ ᠪᠣᠯᠵᠤ᠂ 8 ᠶᠡᠭᠡ ᠲᠥᠷᠥᠯ ᠤᠨ 75 ᠵᠦᠢᠯ ᠤᠨ ᠭᠤᠶᠢᠳᠠ ᠰᠠᠶᠢᠬᠠᠨ ᠠᠵᠢᠯᠯᠠᠭ᠎ᠠ | ᠲᠠᠨ ᠤ ᠰᠠᠭᠠᠲᠠᠨ ᠰᠣᠨᠢᠷᠬᠠᠬᠤ ᠶᠢ ᠬᠦᠯᠢᠶᠡᠵᠦ ᠪᠠᠶᠢᠨ᠎ᠠ ︕ | | | | | 6 ᠳ᠋ᠤᠭᠠᠷ ᠰᠠᠷ᠎ᠠ ᠶᠢᠨ 5 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠮᠠᠷᠠᠲᠤ ᠬᠢᠯᠢ ᠶᠢᠨ ᠰᠣᠶᠣᠯ ᠤᠨ ᠠᠵᠢᠯᠯᠠᠭᠠᠨ ᠤ ᠤᠯᠠᠷᠢᠯ ᠤᠨ | ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ | ᠤᠮᠠᠷᠠᠲᠤ ᠬᠢᠯᠢ ᠶᠢᠨ ᠰᠣᠶᠣᠯ ᠤᠨ ᠠᠵᠢᠯᠯᠠᠭᠠᠨ ᠤ ᠤᠯᠠᠷᠢᠯ ᠳᠤ ᠪᠠᠨ ︽ᠠᠶᠠᠯᠭᠤᠲᠤ ᠵᠢᠭᠤᠯᠴᠢᠯᠠᠯ ᠥᠪᠥᠷ | ᠮᠣᠩᠭᠤᠯ︾ ᠢᠶᠠᠷ ᠭᠤᠤᠯ ᠰᠡᠳᠦᠪ ᠪᠣᠯᠭᠠᠵᠤ᠂ ᠲᠤᠰᠬᠠᠶ ᠲᠣᠭᠯᠠᠯᠲᠠ᠂ ᠰᠣᠳᠣᠨ ᠦᠵᠡᠭᠦᠯᠭᠡ ᠶᠢᠨ ᠲᠣᠭᠯᠠᠯᠲᠠ᠂ | ᠦᠵᠡᠰᠬᠦᠯᠡᠩ ᠪᠠ ᠦᠵᠡᠭᠦᠯᠭᠡ᠂ ᠣᠯᠠᠨ ᠲᠦᠮᠡᠨ ᠤ ᠰᠣᠶᠣᠯ ᠤᠨ ᠠᠵᠢᠯᠯᠠᠭᠠᠨ᠂ ᠰᠣᠶᠣᠯ ᠵᠢᠭᠤᠯᠴᠢᠯᠠᠯ ᠤᠨ | ᠠᠭᠤᠰᠤᠯᠴᠠᠯ᠂ ᠳᠡᠯᠭᠡᠨ ᠦᠵᠡᠭᠦᠯᠭᠡ ᠪᠠ ᠨᠡᠪᠲᠡᠷᠡᠭᠦᠯᠭᠡ᠂ ᠬᠠᠷᠢᠭᠤ ᠮᠡᠳᠡᠭᠦᠯᠦᠯᠲᠡ ᠶᠢᠨ ᠲᠣᠭᠯᠠᠯᠲᠠ᠂ ᠠᠶᠢᠮᠠᠭ | ᠬᠤᠲᠠ ᠶᠢᠨ ᠬᠠᠮᠲᠤᠷᠠᠭᠰᠠᠨ ᠠᠵᠢᠯᠯᠠᠭ᠎ᠠ ᠵᠡᠷᠭᠡ 8 ᠶᠡᠭᠡ ᠲᠦᠷᠦᠯ ᠤᠨ ᠠᠵᠢᠯᠯᠠᠭᠠᠨ ᠥᠷᠨᠢᠭᠦᠯᠦᠨ᠎ᠡ᠂ ᠡᠭᠦᠨ ᠳᠤ | ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠵᠢᠯᠯᠠᠭᠠᠨ 37 ᠵᠦᠢᠯ᠂ ᠡᠯ᠎ᠡ ᠠᠶᠢᠮᠠᠭ ᠬᠤᠲᠠ ᠶᠢᠨ | ᠬᠠᠮᠲᠤᠷᠠᠭᠰᠠᠨ ᠠᠵᠢᠯᠯᠠᠭ᠎ᠠ ᠵᠡᠷᠭᠡ ᠰᠣᠶᠣᠯ ᠤᠨ ᠠᠵᠢᠯᠯᠠᠭᠠᠨ 38 ᠵᠦᠢᠯ ᠢ ᠪᠠᠭᠲᠠᠭᠠᠪᠠ᠃ | ᠲᠤᠰ ᠤᠳᠠᠭᠠᠨ ᠤ ᠠᠵᠢᠯᠯᠠᠭᠠᠨ ᠢᠶᠠᠨ 6 ᠳ᠋ᠤᠭᠠᠷ ᠰᠠᠷ᠎ᠠ ᠶᠢᠨ 21 ᠤ ᠡᠳᠦᠷ ᠠᠴᠠ 9 ᠳ᠋ᠤᠭᠡᠷ ᠰᠠᠷ᠎ᠠ ᠶᠢᠨ | 26 ᠤ ᠡᠳᠦᠷ ᠪᠣᠯᠲᠠᠯ᠎ᠠ ᠶᠠᠪᠤᠭᠳᠠᠭᠤᠯᠤᠨ᠎ᠠ᠂ ᠬᠡᠰᠡᠭ ᠦᠵᠡᠰᠬᠦᠯᠡᠩ ᠪᠠ ᠨᠡᠪᠲᠡᠷᠡᠭᠦᠯᠭᠡ ᠶᠢᠨ ᠲᠥᠷᠥᠯ ᠵᠦᠢᠯ ᠢᠶᠠᠨ | 10 ᠳ᠋ᠤᠭᠠᠷ ᠰᠠᠷ᠎ᠠ ᠪᠣᠯᠲᠠᠯ᠎ᠠ ᠦᠷᠭᠦᠯᠵᠢᠯᠡᠭᠦᠯᠬᠦ ᠪᠣᠯᠣᠨ᠎ᠠ᠃ | 6 ᠳ᠋ᠤᠭᠠᠷ ᠰᠠᠷ᠎ᠠ ᠶᠢᠨ 21 ᠤ ᠡᠳᠦᠷ ᠪᠠ 22 ᠤᠨ ᠡᠳᠦᠷ᠂ ᠤᠮᠠᠷᠠᠲᠤ ᠬᠢᠯᠢ ᠶᠢᠨ ᠰᠣᠶᠣᠯ ᠤᠨ | ᠤᠯᠠᠷᠢᠯ ᠤᠨ ᠲᠤᠰᠬᠠᠢ ᠲᠣᠭᠯᠠᠯᠲᠠ ᠶᠢ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠠᠯᠠᠪᠠᠢ ᠳᠤ ᠶᠠᠪᠤᠭᠳᠠᠭᠤᠯᠤᠨ᠎ᠠ᠂ | ᠡᠨᠡ ᠨᠢ ︽ᠰᠣᠩᠭᠤᠳᠠᠭ ᠪᠦᠲᠦᠭᠡᠯ ᠤᠨ ᠳᠠᠭᠤᠤ ᠬᠥᠭᠵᠢᠮ ᠤᠨ ᠦᠳᠡᠰᠢᠯᠡᠭᠡ︾ ᠪᠠ ︽ᠰᠢᠨ᠎ᠡ ᠣᠳᠣᠳ ᠤᠨ | ᠰᠢᠨ᠎ᠡ ᠪᠦᠲᠦᠭᠡᠯ ᠤᠨ ᠲᠣᠭᠯᠠᠯᠲᠠ ᠶᠢᠨ ᠦᠳᠡᠰᠢᠯᠡᠭᠡ︾ ᠬᠤᠶᠠᠷ ᠲᠠᠯᠠᠪᠤᠷ ᠤᠨ ᠠᠵᠢᠯᠯᠠᠭᠠᠨ ᠪᠣᠯᠣᠨ᠎ᠠ᠃ | ᠭᠢᠯᠠᠰ ᠴᠡᠭ ᠣᠯᠠᠨᠲᠠᠢ | 01 ᠠᠵᠢᠯᠯᠠᠭᠠᠨ ᠤ ᠪᠠᠶᠢᠷᠢ ᠲᠣᠭᠲᠠᠭᠠᠯᠲᠠ ᠶᠢᠨ ᠲᠠᠯ᠎ᠠ ᠪᠠᠷ᠂ ᠠᠷᠠᠳ ᠲᠦᠮᠡᠨ ᠢᠶᠠᠷ ᠭᠤᠣᠯ ᠪᠣᠯᠭᠠᠬᠤ ᠶᠢ | ᠲᠣᠪᠤᠶᠢᠯᠭᠠᠨ᠎ᠠ᠃ ︽ᠭᠡᠷᠡᠯ ᠭᠢᠯᠪᠠᠭᠠᠲᠤ ᠤᠮᠠᠷᠠᠲᠤ ᠬᠢᠯᠢ︾ ᠨᠡᠶᠢᠲᠡ ᠶᠢᠨ ᠠᠰᠠᠷᠠᠮᠵᠢ ᠶᠢᠨ ᠺᠢᠨᠣ᠋ ᠭᠠᠷᠭᠠᠬᠤ᠂ | ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ ᠨᠡᠭᠦᠳᠡᠯ ᠲᠣᠭᠯᠠᠯᠲᠠ ᠭᠠᠷᠭᠠᠬᠤ ᠵᠡᠷᠭᠡ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠰᠣᠶᠣᠯ ᠤᠨ ᠠᠵᠢᠯᠯᠠᠭᠠᠨ ᠨᠤᠭᠤᠳ ᠢ ᠥᠷᠨᠢᠭᠦᠯᠵᠦ᠂ ᠰᠣᠶᠣᠯ ᠤᠨ ᠰᠢᠯᠢᠳᠡᠭ ᠡᠬᠢ | ᠪᠠᠶᠠᠯᠢᠭ ᠢ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠢᠯᠡᠴᠢᠯᠡᠭᠦᠯᠦᠨ᠎ᠡ᠃ ︽ᠰᠣᠶᠣᠯ ᠪᠠ ᠵᠢᠭᠤᠯᠴᠢᠯᠠᠯ ᠢ | ᠠᠭᠤᠰᠤᠯᠴᠠᠭᠤᠯᠬᠤ︾ ᠵᠦᠢᠯ ᠳᠤ᠂ ᠠᠵᠤ ᠦᠶ᠋ᠯᠡᠰᠵᠢᠭᠦᠯᠦᠨ ᠡᠵᠡᠩᠨᠡᠬᠦ ᠠᠷᠭ᠎ᠠ ᠵᠠᠮ ᠢ ᠬᠠᠶᠢᠨ ᠰᠦᠪᠡᠭᠴᠢᠯᠡᠵᠦ᠂ | ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠲᠣᠭᠲᠠᠴᠠ ᠶᠢ ᠣᠷᠣᠭᠤᠯᠤᠨ ᠠᠪᠴᠢᠷᠠᠵᠤ᠂ ᠣᠯᠠᠨ ᠲᠦᠮᠡᠨ ᠳᠤ | ᠦᠢᠯᠡᠴᠢᠯᠡᠬᠦ ᠬᠡᠯᠪᠡᠷᠢ ᠳᠤ ᠰᠢᠨ᠎ᠡ ᠶᠢ ᠡᠭᠦᠳᠴᠦ᠂ ᠤᠮᠠᠷᠠᠲᠤ ᠬᠢᠯᠢ ᠶᠢᠨ ᠰᠣᠶᠣᠯ ᠢ ᠣᠯᠠᠨ ᠲᠦᠮᠡᠨ ᠤ ᠰᠣᠶᠣᠯ ᠤᠨ | ᠠᠵᠢᠯᠯᠠᠭᠠᠨ ᠳᠤ ᠠᠭᠤᠰᠬᠠᠨ ᠣᠷᠣᠭᠤᠯᠤᠨ᠎ᠠ᠃ | 02 ᠠᠭᠤᠯᠭ᠎ᠠ ᠶᠢᠨ ᠪᠠᠶᠢᠷᠢᠯᠠᠭᠤᠯᠤᠯᠲᠠ ᠶᠢᠨ ᠲᠠᠯ᠎ᠠ ᠪᠠᠷ᠂ ᠤᠮᠠᠷᠠᠲᠤ ᠬᠢᠯᠢ ᠶᠢᠨ ᠰᠣᠶᠣᠯ ᠤᠨ ︽ᠪᠠᠶᠠᠯᠢᠭ | ᠠᠭᠤᠷᠬᠠᠶ︾ ᠶᠢ ᠭᠦᠨ ᠠᠭᠤᠳᠠᠯᠵᠤ᠂ ᠵᠣᠬᠢᠶᠠᠯ ᠪᠦᠲᠦᠭᠡᠯ᠂ ᠲᠠᠶᠢᠰᠠᠨ ᠤ ᠲᠣᠭᠯᠠᠯᠲᠠ ᠵᠡᠷᠭᠡ ᠡᠯ᠎ᠡ ᠭᠤᠭᠴᠤᠭ᠎ᠠ ᠳᠤ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠬᠠᠮᠤᠭ ᠤᠨ ᠰᠢᠨ᠎ᠡ ᠦᠷ᠎ᠡ ᠪᠦᠲᠦᠭᠡᠯ ᠢ ᠢᠯᠡᠷᠡᠭᠦᠯᠦᠨ᠎ᠡ᠃ | ᠰᠣᠶᠣᠯ ᠤᠨ ᠰᠣᠯᠢᠯᠴᠠᠭ᠎ᠠ ᠬᠢᠵᠦ ᠬᠠᠷᠢᠯᠴᠠᠨ ᠲᠣᠯᠢᠯᠠᠬᠤ ᠶᠢ ᠠᠬᠢᠭᠤᠯᠵᠤ᠂ ︽ᠯᠢᠩᠬᠸ᠎ᠠ ᠱᠠᠩᠨᠠᠯ︾ ᠤᠨ ᠣᠳᠣ | ᠦᠶ᠎ᠡ ᠶᠢᠨ ᠪᠥᠵᠢᠭ ᠤᠨ ᠦᠵᠡᠭᠦᠯᠭᠡ ᠶᠢᠨ ᠲᠣᠭᠯᠠᠯᠲᠠ᠂ ᠳᠤᠮᠳᠠᠳᠤ ᠤᠯᠤᠰ ᠤᠨ ᠤᠤᠭᠠᠯ ᠠᠷᠠᠳ ᠤᠨ ᠳᠠᠭᠤᠨ ᠤ | ᠨᠠᠶᠢᠷ ᠵᠡᠷᠭᠡ ᠲᠤᠰᠬᠠᠶ ᠮᠡᠷᠭᠡᠵᠢᠯ ᠤᠨ ᠲᠥᠷᠥᠯ ᠵᠦᠢᠯ ᠢ ᠣᠷᠣᠭᠤᠯᠤᠨ ᠠᠪᠴᠢᠷᠠᠨ᠎ᠠ᠃ ᠪᠥᠬᠦ ᠣᠷᠣᠨ ᠤ ᠰᠣᠶᠣᠯ | ᠪᠠ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠨᠡᠶᠢᠳᠬᠡᠵᠦ᠂ 38 ᠠᠶᠢᠮᠠᠭ ᠬᠤᠲᠠ ᠶᠢᠨ ᠭᠤᠤᠯᠳᠠᠯᠭ᠎ᠠ | ᠪᠣᠯᠬᠤ ᠠᠵᠢᠯᠯᠠᠭᠠᠨ ᠢ ᠤᠬᠠᠭᠠᠯᠠᠨ ᠭᠠᠷᠭᠠᠵᠤ᠂ ᠥᠪᠥᠷ ᠮᠣᠩᠭᠤᠯ ᠤᠨ ᠰᠣᠶᠣᠯ ᠤᠨ ᠠᠵᠢᠯᠯᠠᠭᠠᠨ ᠤ ︽ᠢᠳᠡ ᠬᠥᠭ | ︾ ᠢ ᠪᠥᠬᠦ ᠣᠷᠣᠨ ᠳᠤ ᠲᠥᠭᠡᠭᠡᠨᠡ᠃ | 03 ᠲᠥᠷᠥᠯ ᠵᠦᠢᠯ ᠤᠨ ᠬᠠᠮᠢᠶᠠᠷᠤᠯᠲᠠ ᠳᠤ ᠠᠷᠪᠢᠴᠢ ᠪᠠ ᠨᠡᠭᠡᠭᠡᠯᠲᠡ ᠲᠠᠢ ᠪᠠᠶᠢᠬᠤ ᠶᠢ ᠬᠠᠷᠢᠯᠴᠠᠨ | ᠠᠬᠢᠭᠤᠯᠬᠤ ᠪᠠᠨ ᠴᠢᠬᠤᠯᠠᠴᠢᠯᠠᠨ᠎ᠠ᠃ ᠲᠥᠪ ᠤᠨ ᠨᠠᠢᠮᠠᠨ ᠵᠣᠷᠪᠣᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ | ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠲᠣᠭᠯᠠᠯᠲᠠ ᠶᠢᠨ ᠲᠠᠪᠴᠠᠩ ᠢ ᠳᠥᠭᠦᠮ ᠠᠪᠰᠠᠷ ᠢᠶᠠᠷ | ᠵᠢᠷᠤᠵᠤ ᠲᠥᠯᠥᠪᠯᠡᠬᠦ ᠪᠠ ᠳ᠋ᠢᠭᠢᠳ᠋ᠴᠢᠯᠡᠭᠰᠡᠨ ᠤᠬᠠᠭᠤᠯᠭ᠎ᠠ ᠪᠠᠷ ᠬᠠᠲᠠᠭᠤ ᠬᠡᠷᠡᠭᠰᠡᠯ ᠤᠨ ᠥᠪᠡᠷ ᠤᠨ ᠥᠷᠲᠡᠭ ᠢ | ᠪᠠᠭᠤᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠤᠨ᠎ᠠ | ᠃ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ ᠲᠥᠯᠥᠪᠯᠡᠨ᠂ ᠰᠢᠯᠢᠳᠡᠭ ᠵᠦᠴᠦᠭᠡ ︵ᠲᠣᠭᠯᠠᠯᠲᠠ︶ ᠶᠢ | ᠣᠷᠤᠭᠤᠯᠤᠨ ᠠᠪᠴᠢᠷᠠᠬᠤ᠂ ᠰᠣᠶᠣᠯ ᠤᠨ ᠡᠭᠦᠳᠦᠯᠲᠡ ᠶᠢᠨ ᠴᠤᠭᠯᠠᠭ᠎ᠠ ᠮᠠᠶᠢᠮᠠᠶ ᠵᠡᠷᠭᠡ ᠠᠵᠢᠯᠯᠠᠭᠠᠨ ᠳᠤ | ᠣᠷᠣᠯᠴᠠᠬᠤ ᠶᠢ ᠵᠣᠬᠢᠶᠠᠨ ᠪᠠᠶᠢᠭᠤᠯᠵᠤ᠂ ᠰᠣᠶᠣᠯ ᠤᠨ ᠬᠡᠷᠡᠭᠯᠡᠭᠡ ᠶᠢᠨ ᠦᠢᠯᠡᠳᠬᠦᠨ ᠤ ᠬᠠᠩᠭᠠᠯᠭ᠎ᠠ ᠶᠢᠨ | ᠪᠦᠲᠦᠴᠡ ᠶᠢ ᠰᠢᠯᠢᠳᠡᠭᠵᠢᠭᠦᠯᠦᠨ᠎ᠡ᠃ | 04 ᠵᠢᠷᠤᠭ ᠲᠥᠯᠥᠪᠯᠡᠭᠡ ᠶᠢᠨ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ ᠠᠴᠠ ᠨᠢᠭᠡᠳᠦᠯᠲᠡᠢ ᠲᠥᠯᠥᠪᠵᠢᠭᠦᠯᠵᠦ᠂ ᠤᠯᠠᠨ ᠰᠠᠯᠠᠭ᠎ᠠ ᠮᠥᠴᠢᠷ ᠯᠦᠭᠡ ᠬᠠᠮᠲᠤᠷᠠᠨ | ᠥᠪᠡᠷᠲᠡᠭᠡᠨ ᠵᠠᠰᠠᠬᠤ ᠣᠷᠣᠨ ᠤ 37 ᠵᠦᠢᠯ ᠤᠨ ᠭᠤᠣᠯᠳᠠᠯᠭ᠎ᠠ ᠪᠣᠯᠬᠤ ᠠᠵᠢᠯᠯᠠᠭᠠᠨ ᠢ ᠤᠬᠠᠭᠠᠯᠠᠨ ᠭᠠᠷᠭᠠᠵᠤ᠂ | ᠬᠦᠳᠦᠯᠦᠨ ᠳᠠᠭᠠᠭᠤᠯᠬᠤ ᠴᠢᠨᠠᠷ ᠪᠠ ᠵᠢᠱᠢᠶ᠎ᠡ ᠦᠵᠡᠭᠦᠯᠬᠦ ᠴᠢᠨᠠᠷ ᠢ ᠳᠣᠪᠤᠶᠢᠯᠭᠠᠨ᠎ᠠ᠃ ᠡᠯ᠎ᠡ ᠠᠶᠢᠮᠠᠭ ᠬᠤᠲᠠ ᠶᠢᠨ | ᠭᠤᠤᠯᠳᠠᠯᠭ᠎ᠠ ᠪᠣᠯᠬᠤ ᠠᠵᠢᠯᠯᠠᠭᠠᠨ ᠢ ᠲᠦᠯᠬᠢᠨ ᠠᠬᠢᠭᠤᠯᠬᠤ ᠶᠢᠨ ᠬᠠᠮᠲᠤ᠂ ᠬᠥᠬᠡᠬᠤᠲᠠ ᠶᠢᠨ ᠲᠤᠬᠠᠢ ᠶᠢᠨ ᠭᠠᠵᠠᠷ | ᠣᠷᠣᠨ ᠤ ᠠᠵᠢᠯᠯᠠᠭᠠᠨ ᠢ ᠲᠥᠪᠯᠡᠷᠡᠭᠦᠯᠦᠨ ᠰᠠᠶᠢᠲᠤᠷ ᠠᠳᠬᠤᠵᠤ᠂ ᠰᠣᠶᠣᠯ ᠤᠨ ᠰᠢᠨ᠎ᠡ ᠬᠦᠷᠢᠶ᠎ᠡ᠂ ᠰᠦᠯᠵᠢᠶᠡᠨ ᠤ | ᠬᠠᠯᠠᠮᠰᠢᠯᠲᠤ ᠴᠡᠭ ᠤᠳ ᠢ ᠴᠣᠭᠴᠠᠯᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠣᠭᠯᠠᠯᠲᠠ ᠶᠢᠨ ︽ | ᠪᠣᠷᠤᠯᠠᠭᠤᠯᠭ᠎ᠠ ᠶᠢᠨ ᠴᠡᠭ︾ ᠢ ᠨᠡᠪᠴᠢᠭᠦᠯᠦᠨ ᠪᠣᠢ ᠪᠣᠯᠭᠠᠨ᠎ᠠ᠃ | |