ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 5 ᠤ ᠴᠠᠭᠢᠯᠭᠠᠨ ᠮᠡᠳᠡᠭᠡ ᠣᠶᠢᠷ᠎ᠠ ᠳᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ᠨᠠᠮ ᠤᠨ ᠤᠳᠤᠷᠢᠳᠬᠤ | ᠳᠤᠭᠤᠶᠢᠯᠠᠩ ᠨᠠᠮ ᠤᠨ ᠭᠡᠰᠢᠭᠦᠨ ᠳᠤ ᠰᠢᠢᠳᠬᠡᠯ ᠥᠭᠬᠦ ᠤᠴᠢᠷ ᠶᠠᠪᠤᠳᠠᠯ ᠢ ᠶᠠᠷᠢᠯᠴᠠᠨ ᠲᠣᠭᠲᠠᠭᠠᠬᠤ ᠠᠵᠢᠯ ᠤᠨ | ᠲᠡᠰ ᠳᠠᠷᠠᠭᠠᠯᠠᠯ ᠤᠨ ᠲᠣᠭᠲᠠᠭᠠᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ | ︽ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠭᠡᠰᠢᠭᠦᠨ ᠳᠤ ᠰᠢᠢᠳᠬᠡᠯ ᠥᠭᠬᠦ ᠤᠴᠢᠷ ᠶᠠᠪᠤᠳᠠᠯ ᠢ | ᠶᠠᠷᠢᠯᠴᠠᠨ ᠲᠣᠭᠲᠠᠭᠠᠬᠤ ᠠᠵᠢᠯ ᠤᠨ ᠲᠡᠰ ᠳᠠᠷᠠᠭᠠᠯᠠᠯ ᠤᠨ ᠲᠣᠭᠲᠠᠭᠠᠯ︾ ᠤᠨ ᠪᠦᠭᠦ ᠠᠭᠤᠯᠭ᠎ᠠ ᠨᠢ ᠳᠣᠣᠷᠠᠬᠢ ᠮᠡᠲᠦ | ᠃ | | | ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠭᠡᠰᠢᠭᠦᠨ ᠳᠤ | ᠰᠢᠢᠳᠬᠡᠯ ᠥᠭᠬᠦ ᠤᠴᠢᠷ ᠶᠠᠪᠤᠳᠠᠯ ᠢ ᠶᠠᠷᠢᠯᠴᠠᠨ ᠲᠣᠭᠲᠠᠭᠠᠬᠤ | ᠠᠵᠢᠯ ᠤᠨ ᠲᠡᠰ ᠳᠠᠷᠠᠭᠠᠯᠠᠯ ᠤᠨ ᠲᠣᠭᠲᠠᠭᠠᠯ | | | ︵2018 ᠣᠨ ᠤ 11 ᠰᠠᠷ᠎ᠠ ᠶᠢᠨ 29 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠠᠴᠠ ᠵᠥᠪᠰᠢᠶᠡᠷᠡᠪᠡ 2018 ᠣᠨ ᠤ 11 ᠰᠠᠷ᠎ᠠ ᠶᠢᠨ 29 ᠤ ᠡᠳᠦᠷ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠠᠴᠠ ᠨᠡᠶᠢᠲᠡᠯᠡᠪᠡ 2025 ᠣᠨ ᠤ 5 ᠰᠠᠷ᠎ᠠ ᠶᠢᠨ | 26 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠠᠴᠠ ᠵᠠᠰᠠᠪᠤᠷᠢ ᠣᠷᠣᠭᠤᠯᠪᠠ | 2025 ᠣᠨ ᠤ 5 ᠰᠠᠷ᠎ᠠ ᠶᠢᠨ 26 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠠᠯᠪᠠᠨ ᠲᠢᠩᠬᠢᠮ ᠠᠴᠠ ᠨᠡᠶᠢᠲᠡᠯᠡᠪᠡ︶ | ᠨᠢᠭᠡᠳᠦᠭᠡᠷ ᠵᠦᠢᠯ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠭᠡᠰᠢᠭᠦᠨ ᠳᠤ ᠰᠢᠢᠳᠬᠡᠯ ᠥᠭᠬᠦ | ᠤᠴᠢᠷ ᠶᠠᠪᠤᠳᠠᠯ ᠢ ᠶᠠᠷᠢᠯᠴᠠᠨ ᠲᠣᠭᠲᠠᠭᠠᠬᠤ ᠶᠢ ᠵᠢᠷᠤᠮᠵᠢᠭᠤᠯᠬᠤ ᠶᠢᠨ ᠲᠥᠯᠥᠭᠡ᠂ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ︾᠂ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠰᠠᠬᠢᠯᠭ᠎ᠠ ᠪᠠᠲᠤ ᠶᠢ ᠵᠥᠷᠢᠴᠡᠭᠰᠡᠨ ᠨᠠᠮ ᠤᠨ ᠭᠡᠰᠢᠭᠦᠨ ᠳᠤ ᠰᠢᠢᠳᠬᠡᠯ ᠥᠭᠬᠦ ᠶᠢ ᠵᠥᠪᠰᠢᠶᠡᠷᠡᠬᠦ | ᠡᠷᠬᠡ ᠶᠢᠨ ᠬᠡᠪᠴᠢᠶ᠎ᠡ ᠪᠠ ᠲᠡᠰ ᠳᠠᠷᠠᠭᠠᠯᠠᠯ ᠤᠨ ᠲᠣᠭᠲᠠᠭᠠᠯ︾ ᠢ ᠦᠨᠳᠦᠰᠦᠯᠡᠨ ᠲᠤᠰ ᠲᠣᠭᠲᠠᠭᠠᠯ ᠢ ᠲᠣᠭᠲᠠᠭᠠᠪᠠ᠃ | | ᠬᠤᠶᠠᠳᠤᠭᠠᠷ ᠵᠦᠢᠯ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠴᠢᠩᠭ᠎ᠠ ᠪᠠᠶᠢᠬᠤ ᠪᠠᠷᠢᠮᠵᠢᠶ᠎ᠠ ᠪᠠᠷ ᠨᠠᠮ ᠢ | ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠨ᠂ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠤᠳᠤᠷᠢᠳᠬᠤ | ᠳᠤᠭᠤᠶᠢᠯᠠᠩ ᠤᠨ ᠰᠢᠨᠵᠢ ᠴᠢᠨᠠᠷ ᠪᠦᠬᠦᠢ ᠨᠠᠮ ᠤᠨ ᠬᠤᠷᠢᠶ᠎ᠠ ᠶᠢ ᠪᠠᠭᠲᠠᠭᠠᠨ᠎ᠠ᠂ ᠳᠣᠷᠣᠭᠰᠢ ᠠᠳᠠᠯᠢ︶ ᠤᠨ ᠪᠦᠭᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠣᠮᠢᠯᠠᠨ ᠰᠠᠭᠤᠯᠭᠠᠬᠤ ᠪᠠᠶᠢᠭᠤᠯᠤᠮᠵᠢ ︵ᠳᠣᠷᠣᠭᠰᠢ | ᠲᠣᠮᠢᠯᠠᠨ ᠰᠠᠭᠤᠯᠭᠠᠬᠤ ᠪᠠᠶᠢᠭᠤᠯᠤᠮᠵᠢ ᠭᠡᠵᠦ ᠲᠣᠪᠴᠢᠯᠠᠨ᠎ᠠ︶ ᠶᠢᠨ ᠬᠢᠨᠠᠯᠲᠠ ᠲᠠᠯᠪᠢᠬᠤ ᠲᠤᠰᠢᠶᠠᠯ | ᠬᠠᠷᠢᠭᠤᠴᠠᠯᠭ᠎ᠠ ᠶᠢ ᠴᠢᠩᠭᠠᠳᠬᠠᠨ᠂ ᠢᠮᠠᠭᠲᠠ ᠴᠢᠩᠭ᠎ᠠ ᠪᠠᠶᠢᠬᠤ ᠭᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ | ᠴᠢᠩᠭ᠎ᠠ ᠪᠠᠶᠢᠬᠤ ᠠᠭᠤᠷ ᠠᠮᠢᠰᠬᠤᠯ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ | ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠦᠨ ᠠᠬᠢᠭᠤᠯᠤᠨ᠎ᠠ᠃ | ᠭᠤᠷᠪᠠᠳᠤᠭᠠᠷ ᠵᠦᠢᠯ ᠨᠠᠮ ᠤᠨ ᠤᠳᠤᠷᠢᠳᠬᠤ ᠳᠤᠭᠤᠶᠢᠯᠠᠩ ᠠᠴᠠ ᠬᠠᠮᠢᠶᠠᠷᠴᠤ ᠪᠠᠶᠢᠭ᠎ᠠ ᠬᠥᠮᠥᠰ ᠤᠨ | ᠳᠣᠲᠣᠷᠠᠬᠢ ᠨᠠᠮ ᠤᠨ ᠭᠡᠰᠢᠭᠦᠨ ᠳᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠤ᠂ ᠨᠠᠮ ᠤᠨ ᠤᠳᠤᠷᠢᠳᠬᠤ | ᠳᠤᠭᠤᠶᠢᠯᠠᠩ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠭᠰᠠᠨ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠥᠪᠯᠡᠯ ︵ᠳᠣᠷᠣᠭᠰᠢ ᠲᠣᠮᠢᠯᠠᠭᠰᠠᠨ ᠪᠠᠶᠢᠭᠤᠯᠤᠮᠵᠢ ᠭᠡᠵᠦ | ᠳᠥᠭᠦᠮᠴᠢᠯᠡᠨ᠎ᠡ︶᠂ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠵᠡᠷᠭᠡ ᠨᠢ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ | ᠲᠡᠰ ᠳᠠᠷᠠᠭᠠᠯᠠᠯ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠵᠣᠬᠢᠴᠠᠭᠤᠯᠤᠨ ᠨᠡᠪᠲᠡᠷᠡᠯᠴᠡᠬᠦ ᠪᠠᠨ | ᠴᠢᠩᠭᠠᠳᠬᠠᠵᠤ᠂ ᠡᠮᠬᠢ ᠵᠢᠷᠤᠮ ᠲᠠᠢ ᠪᠥᠭᠡᠳ ᠰᠠᠭᠠᠳ ᠦᠭᠡᠢ ᠵᠣᠯᠭᠠᠭᠤᠯᠵᠤ᠂ ᠠᠵᠢᠯ ᠤᠨ ᠬᠠᠮᠲᠤᠷᠠᠯ ᠬᠦᠴᠦᠨ ᠢ | ᠪᠦᠷᠢᠯᠳᠦᠭᠦᠯᠵᠦ᠂ ᠤᠯᠤᠰ ᠲᠦᠷᠦ ᠶᠢᠨ ᠦᠷ᠎ᠡ ᠪᠦᠲᠦᠮᠵᠢ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠦᠷ᠎ᠡ | ᠪᠦᠲᠦᠮᠵᠢ ᠪᠠ ᠨᠡᠶᠢᠭᠡᠮ ᠤᠨ ᠦᠷ᠎ᠡ ᠪᠦᠲᠦᠮᠵᠢ ᠶᠢᠨ ᠣᠷᠭᠠᠨᠢᠭ ᠨᠢᠭᠡᠳᠦᠯ ᠢ ᠪᠡᠶᠡᠯᠡᠭᠦᠯᠬᠦ ᠬᠡᠷᠡᠭᠲᠡᠢ᠃ | ᠳᠥᠷᠪᠡᠳᠦᠭᠡᠷ ᠵᠦᠢᠯ ᠨᠠᠮ ᠤᠨ ᠤᠳᠤᠷᠢᠳᠬᠤ ᠳᠤᠭᠤᠶᠢᠯᠠᠩ ᠲᠤᠰ ᠨᠢᠭᠡᠴᠢ ᠶᠢᠨ ᠢᠶᠠᠨ ᠨᠠᠮ ᠤᠨ | ᠭᠡᠰᠢᠭᠦᠨ ᠳᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠤᠴᠢᠷ ᠶᠠᠪᠤᠳᠠᠯ ᠢ ᠶᠠᠷᠢᠯᠴᠠᠨ ᠲᠣᠭᠲᠠᠭᠠᠨ᠎ᠠ᠃ | ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠲᠤᠰᠢᠶᠠᠯ ᠳᠤ ᠲᠣᠮᠢᠯᠠᠨ ᠲᠤᠰᠢᠶᠠᠯ ᠠᠴᠠ ᠨᠢ | ᠪᠠᠭᠤᠯᠭᠠᠬᠤ ᠶᠢ ᠶᠠᠷᠢᠯᠴᠠᠨ ᠲᠣᠭᠲᠠᠭᠠᠭᠰᠠᠨ ᠦᠭᠡᠢ ᠪᠤᠯᠪᠠᠴᠤ ᠨᠠᠮ ᠤᠨ ᠤᠳᠤᠷᠢᠳᠬᠤ ᠳᠤᠭᠤᠶᠢᠯᠠᠩ ᠤᠨ | ᠬᠠᠮᠢᠶᠠᠷᠤᠯᠲᠠ ᠳᠤ ᠬᠠᠷᠢᠶᠠᠯᠠᠭᠳᠠᠬᠤ ᠬᠥᠮᠥᠰ ᠤᠨ ᠳᠣᠲᠣᠷᠠᠬᠢ ᠨᠠᠮ ᠤᠨ ᠭᠡᠰᠢᠭᠦᠨ ᠳᠤ ᠨᠠᠮ ᠤᠨ ᠰᠠᠬᠢᠯᠭ᠎ᠠ | ᠪᠠᠲᠤ ᠶᠢᠨ ᠰᠢᠢᠳᠬᠡᠯ ᠥᠭᠬᠦ ᠳᠤ ᠭᠦᠷᠪᠡᠯ᠂ ᠪᠠᠶᠢᠭ᠎ᠠ ᠨᠢᠭᠡᠴᠢ ᠶᠢᠨ ᠨᠠᠮ ᠤᠨ ᠦᠨᠳᠦᠰᠦᠨ ᠱᠠᠲᠤᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ︵ᠳᠣᠷᠣᠭᠰᠢ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠭᠡᠵᠦ | ᠲᠣᠪᠴᠢᠯᠠᠨ᠎ᠠ︶ ᠠᠴᠠ ᠲᠣᠭᠲᠠᠭᠠᠯ ᠶᠣᠰᠣᠭᠠᠷ ᠬᠢᠨᠠᠨ ᠪᠠᠶᠢᠴᠠᠭᠠᠵᠤ ᠵᠥᠪᠰᠢᠶᠡᠷᠡᠬᠦ ᠪᠤᠶᠤ ᠨᠠᠮ ᠤᠨ ᠦᠨᠳᠦᠰᠦᠨ | ᠱᠠᠲᠤᠨ ᠤ ᠬᠤᠷᠢᠶ᠎ᠠ ︵ᠳᠣᠷᠣᠭᠰᠢ ᠦᠨᠳᠦᠰᠦᠨ ᠱᠠᠲᠤᠨ ᠤ ᠨᠠᠮ ᠤᠨ ᠬᠤᠷᠢᠶ᠎ᠠ ᠭᠡᠵᠦ ᠲᠣᠪᠴᠢᠯᠠᠨ᠎ᠠ︶ ᠳᠤ | ᠮᠡᠳᠡᠭᠦᠯᠵᠦ ᠬᠢᠨᠠᠨ ᠵᠥᠪᠯᠡᠭᠦᠯᠵᠦ ᠵᠥᠪᠰᠢᠶᠡᠷᠡᠭᠦᠯᠦᠭᠰᠡᠨ ᠴᠦ ᠪᠤᠯᠤᠨ᠎ᠠ ︔ ᠨᠠᠮ ᠠᠴᠠ ᠬᠥᠭᠡᠭᠡᠬᠦ ᠰᠢᠢᠳᠬᠡᠯ | ᠥᠭᠬᠦ ᠳᠤ ᠪᠠᠰᠠ ᠬᠠᠷᠠᠭᠠᠯᠵᠠᠭᠰᠠᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠮᠡᠳᠡᠭᠦᠯᠵᠦ ᠬᠢᠨᠠᠨ | ᠵᠥᠪᠯᠡᠭᠦᠯᠵᠦ ᠵᠥᠪᠰᠢᠶᠡᠷᠡᠭᠦᠯᠬᠦ ᠬᠡᠷᠡᠭᠲᠡᠢ᠃ | ᠲᠠᠪᠤᠳᠤᠭᠠᠷ ᠵᠦᠢᠯ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠲᠣᠭᠲᠠᠭᠠᠯ ᠶᠣᠰᠣᠭᠠᠷ ᠨᠠᠮ ᠤᠨ | ᠤᠳᠤᠷᠢᠳᠬᠤ ᠳᠤᠭᠤᠶᠢᠯᠠᠩ ᠠᠴᠠ ᠬᠠᠮᠢᠶᠠᠷᠴᠤ ᠪᠠᠶᠢᠭ᠎ᠠ ᠬᠥᠮᠥᠰ ᠤᠨ ᠳᠣᠲᠣᠷᠠᠬᠢ ᠨᠠᠮ ᠤᠨ ᠭᠡᠰᠢᠭᠦᠨ ᠢ ᠬᠡᠷᠡᠭ | ᠪᠣᠯᠭᠠᠨ ᠲᠠᠩᠰᠠᠯᠠᠵᠤ ᠬᠢᠨᠠᠨ ᠪᠠᠶᠢᠴᠠᠭᠠᠵᠤ ᠪᠠᠶᠢᠴᠠᠭᠠᠨ ᠰᠤᠳᠤᠯᠤᠭᠰᠠᠨ ᠤ ᠲᠠᠷᠠᠭ᠎ᠠ᠂ ᠬᠢᠨᠠᠨ ᠪᠠᠶᠢᠴᠠᠭᠠᠭᠳᠠᠵᠤ | ᠪᠠᠶᠢᠭ᠎ᠠ ᠬᠥᠮᠥᠨ ᠤ ᠪᠠᠶᠢᠭ᠎ᠠ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ | ᠬᠠᠷᠢᠭᠤᠴᠠᠯᠭᠠᠲᠠᠨ ᠳᠤ ᠮᠡᠳᠡᠭᠳᠡᠬᠦ ᠬᠡᠷᠡᠭᠲᠡᠢ᠃ ᠨᠠᠮ ᠤᠨ ᠤᠳᠤᠷᠢᠳᠬᠤ ᠳᠤᠭᠤᠶᠢᠯᠠᠩ ᠲᠣᠮᠢᠯᠠᠨ ᠰᠠᠭᠤᠯᠭᠠᠭᠰᠠᠨ | ᠪᠠᠶᠢᠭᠤᠯᠤᠮᠵᠢ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠡᠮᠵᠢᠵᠦ᠂ ᠰᠠᠬᠢᠯᠭ᠎ᠠ ᠪᠠᠲᠤ ᠶᠢ | ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠥᠭᠡᠳ ᠤᠬᠠᠮᠰᠠᠷ ᠠᠴᠠ ᠪᠠᠨ | ᠬᠢᠨᠠᠯᠲᠠ ᠶᠢ ᠬᠦᠯᠢᠶᠡᠬᠦ ᠬᠡᠷᠡᠭᠲᠡᠢ᠃ | ᠵᠢᠷᠭᠤᠳᠤᠭᠠᠷ ᠵᠦᠢᠯ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠨᠢ ᠰᠠᠭᠤᠭ᠎ᠠ ᠨᠢᠭᠡᠴᠢ ︵ᠶᠡᠷᠦᠩᠬᠡᠶᠢᠯᠡᠭᠰᠡᠨ | ᠬᠢᠨᠠᠯᠲᠠ ᠲᠠᠯᠪᠢᠬᠤ ᠨᠢᠭᠡᠴᠢ ᠪᠠᠭᠲᠠᠨ᠎ᠠ᠂ ᠳᠣᠷᠣᠭᠰᠢ ᠠᠳᠠᠯᠢ︶ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠬᠠᠮᠢᠶᠠᠷᠴᠤ ᠪᠠᠶᠢᠭ᠎ᠠ ᠤᠳᠤᠷᠢᠳᠬᠤ ᠪᠠᠭ ᠤᠨ ᠪᠦᠷᠢᠯᠳᠦᠭᠦᠨ᠂ ᠭᠤᠣᠯᠳᠠᠯᠭ᠎ᠠ ᠲᠠᠢ ᠬᠢᠨᠠᠯᠲᠠ ᠲᠠᠯᠪᠢᠬᠤ ᠡᠲᠡᠭᠡᠳ ᠲᠤ | ᠣᠷᠣᠭᠤᠯᠤᠭᠰᠠᠨ ᠪᠤᠰᠤᠳ ᠨᠠᠮ ᠤᠨ ᠭᠡᠰᠢᠭᠦᠨ ᠤ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠰᠡᠵᠢᠭᠯᠡᠯᠲᠡᠢ | ᠠᠰᠠᠭᠤᠳᠠᠯ ᠢ ᠬᠡᠷᠡᠭ ᠪᠣᠯᠭᠠᠨ ᠲᠠᠩᠰᠠᠯᠠᠵᠤ ᠬᠢᠨᠠᠨ ᠪᠠᠶᠢᠴᠠᠭᠠᠵᠤ ᠪᠠᠶᠢᠴᠠᠭᠠᠨ ᠰᠤᠳᠤᠯᠵᠤ ᠳᠠᠭᠤᠰᠤᠭᠠᠳ᠂ | ᠳᠣᠲᠣᠭᠠᠳᠤ ᠶᠢᠨ ᠰᠢᠭᠦᠯᠲᠡ᠂ ᠬᠠᠮᠲᠤ ᠪᠠᠷ ᠢᠶᠠᠨ ᠰᠤᠳᠤᠯᠬᠤ ᠪᠠᠷ ᠲᠠᠮᠵᠢᠨ᠂ ᠨᠠᠮ ᠤᠨ ᠰᠠᠬᠢᠯᠭ᠎ᠠ ᠪᠠᠲᠤ ᠶᠢᠨ | ᠰᠢᠢᠳᠬᠡᠯ ᠥᠭᠬᠦ ᠰᠠᠨᠠᠭᠤᠯᠭ᠎ᠠ ᠳᠤᠷᠠᠳᠬᠤ ᠶᠢᠨ ᠬᠠᠮᠲᠤ ᠨᠠᠮ ᠤᠨ ᠤᠳᠤᠷᠢᠳᠬᠤ ᠳᠤᠭᠤᠶᠢᠯᠠᠩ ᠳᠤ ᠮᠡᠳᠡᠭᠳᠡᠭᠰᠡᠨ ᠤ | ᠲᠠᠷᠠᠭ᠎ᠠ᠂ ᠰᠠᠭᠤᠭ᠎ᠠ ᠨᠢᠭᠡᠴᠢ ᠶᠢᠨ ᠨᠠᠮ ᠤᠨ ᠠᠵᠢᠯ ᠤᠨ ᠤᠳᠤᠷᠢᠳᠬᠤ ᠬᠠᠷᠢᠴᠠᠭ᠎ᠠ ᠶᠣᠰᠣᠭᠠᠷ ᠬᠠᠷᠠᠭᠠᠯᠵᠠᠭᠰᠠᠨ | ᠲᠣᠮᠢᠯᠠᠭᠰᠠᠨ ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ ᠰᠢᠭᠦᠯᠭᠡᠨ᠎ᠡ᠃ | ᠭᠦᠨᠳᠦᠭᠦᠷᠢ ᠠᠰᠠᠭᠤᠳᠠᠯ ᠪᠦᠬᠦᠢ ᠣᠨᠴᠠᠭᠠᠢ ᠬᠡᠷᠡᠭ ᠲᠤ ᠬᠤᠯᠪᠣᠭᠳᠠᠪᠠᠯ᠂ ᠲᠣᠮᠢᠯᠠᠨ ᠰᠠᠭᠤᠯᠭᠠᠬᠤ | ᠪᠠᠶᠢᠭᠤᠯᠤᠮᠵᠢ ᠠᠴᠠ ᠲᠣᠮᠢᠯᠠᠭᠰᠠᠨ ᠪᠠᠶᠢᠭᠤᠯᠭ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠣᠮᠢᠯᠠᠭᠰᠠᠨ | ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ ᠰᠢᠭᠦᠯᠭᠡᠬᠦ ᠦᠭᠡᠢ ᠪᠠᠶᠢᠵᠤ ᠪᠣᠯᠣᠨ᠎ᠠ᠃ | ᠬᠦᠨᠳᠦ ᠶᠡᠭᠡ᠂ ᠬᠦᠴᠢᠷ ᠲᠦᠪᠡᠭᠲᠡᠢ᠂ ᠨᠠᠷᠢᠨ ᠪᠤᠳᠤᠯᠢᠶᠠᠨᠲᠠᠢ ᠬᠡᠷᠡᠭ ᠢ ᠲᠣᠮᠢᠯᠠᠭᠰᠠᠨ ᠪᠠᠶᠢᠭᠤᠯᠤᠮᠵᠢ ᠲᠠᠢ | ᠵᠥᠪᠳᠡᠯᠴᠡᠵᠦ ᠤᠷᠢᠳᠴᠢᠯᠠᠨ ᠰᠢᠭᠦᠬᠦ ᠶᠢ ᠡᠬᠢᠯᠡᠭᠦᠯᠵᠦ ᠪᠣᠯᠣᠨ᠎ᠠ᠃ | ᠳᠣᠯᠣᠳᠤᠭᠠᠷ ᠵᠦᠢᠯ ᠲᠣᠮᠢᠯᠠᠭᠰᠠᠨ ᠪᠠᠶᠢᠭᠤᠯᠤᠮᠵᠢ ᠬᠡᠷᠡᠭ ᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ | ᠴᠢᠩᠭ᠎ᠠ ᠡᠵᠡᠮᠳᠡᠵᠦ᠂ ᠬᠢᠨᠠᠯᠲᠠ ᠲᠠᠯᠪᠢᠵᠤ ᠪᠤᠷᠤᠭᠤ ᠶᠢ ᠵᠠᠯᠠᠷᠠᠭᠤᠯᠤᠨ᠂ ᠰᠠᠬᠢᠯᠭ᠎ᠠ ᠪᠠᠲᠤ ᠶᠢ ᠵᠥᠷᠢᠴᠡᠭᠰᠡᠨ ᠪᠠᠶᠢᠳᠠᠯ | ᠪᠠ ᠰᠢᠢᠳᠬᠡᠯ ᠥᠭᠬᠦ ᠬᠡᠮᠵᠢᠶ᠎ᠡ ᠲᠡᠩᠴᠡᠭᠦᠷᠢᠲᠡᠢ ᠪᠠᠶᠢᠬᠤ ᠶᠢ ᠡᠵᠡᠮᠳᠡᠵᠦ᠂ ᠰᠢᠭᠦᠯᠲᠡ ᠶᠢᠨ ᠦᠷ᠎ᠡ ᠳ᠋ᠦᠩ ᠤᠨ | ᠮᠡᠳᠡᠭᠦᠯᠦᠯᠲᠡ ᠶᠢ ᠪᠦᠷᠢᠯᠳᠦᠭᠦᠯᠬᠦ ᠶᠢᠨ ᠬᠠᠮᠲᠤ ᠵᠢᠩᠬᠢᠨᠢ ᠪᠠᠷ ᠬᠠᠷᠢᠭᠤ ᠲᠤᠰᠬᠠᠬᠤ ᠬᠡᠷᠡᠭᠲᠡᠢ᠃ | ᠲᠣᠮᠢᠯᠠᠭᠰᠠᠨ ᠪᠠᠶᠢᠭᠤᠯᠤᠮᠵᠢ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ | ᠵᠥᠷᠢᠴᠡᠭᠰᠡᠨ ᠣᠨᠴᠠᠯᠢᠭ ᠵᠢᠮ᠎ᠡ ᠶᠣᠰᠣ ᠶᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠵᠤ᠂ ᠲᠣᠮᠢᠯᠠᠭᠰᠠᠨ | ᠪᠠᠶᠢᠭᠤᠯᠭ᠎ᠠ ᠳᠤ ᠬᠡᠷᠡᠭ ᠢ ᠰᠢᠭᠦᠭᠰᠡᠨ ᠠᠵᠢᠯ ᠤᠨ ᠪᠠᠶᠢᠳᠠᠯ ᠢᠶᠠᠨ ᠮᠡᠳᠡᠭᠦᠯᠵᠦ᠂ ᠴᠢᠬᠤᠯᠠ ᠪᠠᠶᠢᠳᠠᠯ ᠢ ᠴᠠᠭ | ᠲᠤᠬᠠᠢ ᠳᠤᠨᠢ ᠮᠡᠳᠡᠭᠦᠯᠬᠦ ᠬᠡᠷᠡᠭᠲᠡᠢ᠃ | ᠨᠠᠢᠮᠠᠳᠤᠭᠠᠷ ᠵᠦᠢᠯ ᠲᠣᠮᠢᠯᠠᠭᠰᠠᠨ ᠪᠠᠶᠢᠭᠤᠯᠤᠮᠵᠢ ᠰᠢᠭᠦᠭᠰᠡᠨ ᠤ ᠲᠠᠷᠠᠭ᠎ᠠ᠂ ᠲᠣᠮᠢᠯᠠᠨ ᠰᠠᠭᠤᠯᠭᠠᠭᠰᠠᠨ | ᠪᠠᠶᠢᠭᠤᠯᠤᠮᠵᠢ ᠨᠢ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠰᠠᠨᠠᠭᠤᠯᠭ᠎ᠠ ᠶᠢ ᠰᠠᠭᠤᠭ᠎ᠠ ᠨᠢᠭᠡᠴᠢ ᠶᠢᠨ | ᠨᠠᠮ ᠤᠨ ᠤᠳᠤᠷᠢᠳᠬᠤ ᠳᠤᠭᠤᠶᠢᠯᠠᠩ ᠳᠤ ᠮᠡᠳᠡᠭᠳᠡᠵᠦ᠂ ᠨᠠᠮ ᠤᠨ ᠤᠳᠤᠷᠢᠳᠬᠤ ᠳᠤᠭᠤᠶᠢᠯᠠᠩ ᠠᠴᠠ ᠶᠠᠷᠢᠯᠴᠠᠨ | ᠲᠣᠭᠲᠠᠭᠠᠨ᠎ᠠ᠃ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠰᠠᠨᠠᠭᠤᠯᠭ᠎ᠠ ᠨᠢ ᠨᠠᠮ ᠤᠨ ᠤᠳᠤᠷᠢᠳᠬᠤ | ᠳᠤᠭᠤᠶᠢᠯᠠᠩ ᠤᠨ ᠰᠠᠨᠠᠯ ᠲᠠᠢ ᠠᠳᠠᠯᠢ ᠦᠭᠡᠢ ᠮᠥᠷᠲᠡᠭᠡᠨ ᠵᠥᠪᠳᠡᠯᠴᠡᠨ ᠰᠠᠨᠠᠯ ᠨᠢᠭᠡᠳᠴᠦ ᠳᠡᠶᠢᠯᠭᠦ ᠦᠭᠡᠢ ᠪᠠᠶᠢᠪᠠᠯ᠂ | ᠲᠣᠮᠢᠯᠠᠨ ᠰᠠᠭᠤᠯᠭᠠᠬᠤ ᠪᠠᠶᠢᠭᠤᠯᠤᠮᠵᠢ ᠠᠴᠠ ᠲᠣᠮᠢᠯᠠᠭᠰᠠᠨ ᠪᠠᠶᠢᠭᠤᠯᠭ᠎ᠠ ᠳᠤ ᠮᠡᠳᠡᠭᠦᠯᠵᠦ ᠰᠤᠳᠤᠯᠤᠨ | ᠲᠣᠭᠲᠠᠭᠠᠯᠭᠠᠨ᠎ᠠ᠃ | ᠰᠠᠭᠤᠭ᠎ᠠ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠠᠮᠢᠶᠠᠷᠴᠤ ᠪᠠᠶᠢᠭ᠎ᠠ ᠤᠳᠤᠷᠢᠳᠬᠤ | ᠪᠠᠭ ᠤᠨ ᠪᠦᠷᠢᠯᠳᠦᠭᠦᠨ ᠤ ᠳᠣᠲᠣᠷᠠᠬᠢ ᠵᠢᠩᠬᠢᠨᠢ ᠲᠤᠰᠢᠶᠠᠯ ᠤᠨ ᠤᠳᠤᠷᠢᠳᠬᠤ ᠺᠠᠳ᠋ᠷ ᠤᠨ ᠬᠡᠷᠡᠭ ᠢ ᠲᠣᠮᠢᠯᠠᠨ | ᠰᠠᠭᠤᠯᠭᠠᠭᠰᠠᠨ ᠪᠠᠶᠢᠭᠤᠯᠤᠮᠵᠢ ᠨᠢ ᠲᠣᠮᠢᠯᠠᠭᠰᠠᠨ ᠪᠠᠶᠢᠭᠤᠯᠤᠮᠵᠢ ᠠᠴᠠ ᠰᠢᠭᠦᠨ ᠰᠢᠢᠳᠪᠦᠷᠢᠯᠡᠬᠦ ᠰᠠᠨᠠᠯ ᠢ ᠬᠠᠷᠢᠭᠤ | ᠲᠤᠰᠬᠠᠭᠰᠠᠨ ᠤ ᠳᠠᠷᠠᠭ᠎ᠠ᠂ ᠲᠣᠮᠢᠯᠠᠭᠰᠠᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠨᠡᠪᠲᠡᠷᠡᠯᠴᠡᠵᠦ ᠰᠠᠨᠠᠯ ᠨᠢᠭᠡᠳᠬᠦ ᠪᠥᠭᠡᠳ ᠰᠠᠭᠤᠭ᠎ᠠ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ᠳᠤ | ᠮᠡᠳᠡᠭᠳᠡᠬᠦ ᠬᠡᠷᠡᠭᠲᠡᠢ᠃ | ᠶᠢᠰᠦᠳᠦᠭᠡᠷ ᠵᠦᠢᠯ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠭᠡᠰᠢᠭᠦᠨ ᠳᠤ ᠰᠢᠢᠳᠬᠡᠯ ᠥᠭᠬᠦ | ᠤᠴᠢᠷ ᠶᠠᠪᠤᠳᠠᠯ ᠢ ᠬᠠᠮᠲᠤ ᠪᠠᠷ ᠶᠠᠷᠢᠯᠴᠠᠨ ᠲᠣᠭᠲᠠᠭᠠᠨ᠎ᠠ᠂ ᠶᠠᠮᠠᠷᠪᠠ ᠬᠤᠪᠢ ᠬᠥᠮᠥᠨ ᠪᠤᠶᠤ ᠴᠥᠭᠡᠨ ᠲᠣᠭᠠᠨ ᠤ | ᠬᠥᠮᠥᠨ ᠳᠤᠷ᠎ᠠ ᠪᠠᠷ ᠢᠶᠠᠨ ᠲᠣᠭᠲᠠᠭᠠᠬᠤ ᠪᠠ ᠵᠥᠪᠰᠢᠶᠡᠷᠡᠬᠦ ᠶᠢ ᠵᠥᠪᠰᠢᠶᠡᠷᠡᠬᠦ ᠦᠭᠡᠢ᠃ | ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠣᠭᠲᠠᠭᠠᠯ ᠢ ᠨᠠᠮ ᠤᠨ ᠤᠳᠤᠷᠢᠳᠬᠤ ᠳᠤᠭᠤᠶᠢᠯᠠᠩ ᠤᠨ | ᠨᠡᠷ᠎ᠡ ᠪᠠᠷ ᠭᠠᠷᠭᠠᠬᠤ ᠪᠥᠭᠡᠳ ᠨᠠᠮ ᠤᠨ ᠤᠳᠤᠷᠢᠳᠬᠤ ᠳᠤᠭᠤᠶᠢᠯᠠᠩ ᠶᠠᠷᠢᠯᠴᠠᠵᠤ ᠲᠣᠭᠲᠠᠭᠠᠭᠰᠠᠨ ᠡᠳᠦᠷ ᠠᠴᠠ | ᠡᠬᠢᠯᠡᠵᠦ ᠬᠦᠴᠦᠨ ᠲᠠᠢ ᠪᠣᠯᠣᠨ᠎ᠠ᠃ | ᠠᠷᠪᠠᠳᠤᠭᠠᠷ ᠵᠦᠢᠯ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠣᠭᠲᠠᠭᠠᠯ ᠢ ᠭᠠᠷᠭᠠᠭᠰᠠᠨ ᠤ | ᠲᠠᠷᠠᠭ᠎ᠠ᠂ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠳᠤ ᠵᠢᠩᠬᠢᠨᠢ ᠪᠠᠷ ᠮᠡᠳᠡᠭᠳᠡᠬᠦ ᠪᠥᠭᠡᠳ 1 ᠰᠠᠷ᠎ᠠ ᠶᠢᠨ ᠳᠣᠲᠣᠷ᠎ᠠ | ᠨᠡᠶᠢᠲᠡᠯᠡᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠨᠠᠮ ᠤᠨ ᠤᠳᠤᠷᠢᠳᠬᠤ ᠳᠤᠭᠤᠶᠢᠯᠠᠩ ᠠᠴᠠ ᠶᠠᠷᠢᠯᠴᠠᠨ ᠲᠣᠭᠲᠠᠭᠠᠭᠰᠠᠨ | ᠨᠠᠮ ᠤᠨ ᠭᠡᠰᠢᠭᠦᠨ ᠳᠤ ᠰᠢᠢᠳᠬᠡᠯ ᠥᠭᠬᠦ ᠤᠴᠢᠷ ᠶᠠᠪᠤᠳᠠᠯ ᠢ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ | ᠲᠣᠭᠲᠠᠭᠠᠯ ᠬᠦᠴᠦᠨ ᠲᠠᠢ ᠪᠣᠯᠤᠭᠰᠠᠨ ᠡᠳᠦᠷ ᠠᠴᠠ ᠡᠬᠢᠯᠡᠨ 90 ᠡᠳᠦᠷ ᠤᠨ ᠳᠣᠲᠣᠷ᠎ᠠ ᠦᠨᠳᠦᠰᠦᠨ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠣᠭᠲᠠᠭᠠᠯ ᠵᠢᠴᠢ | ᠬᠤᠯᠪᠣᠭᠳᠠᠯ ᠪᠦᠬᠦᠢ ᠮᠠᠲ᠋ᠧᠷᠢᠶᠠᠯ ᠢ ᠬᠠᠷᠠᠭᠠᠯᠵᠠᠭᠰᠠᠨ ᠲᠣᠮᠢᠯᠠᠭᠰᠠᠨ ᠪᠠᠶᠢᠭᠤᠯᠤᠮᠵᠢ ᠳᠤ ᠮᠡᠳᠡᠭᠦᠯᠦᠨ ᠳᠠᠩᠰᠠᠯᠠᠭᠤᠯᠬᠤ | ᠬᠡᠷᠡᠭᠲᠡᠢ᠃ ᠲᠣᠮᠢᠯᠠᠭᠰᠠᠨ ᠪᠠᠶᠢᠭᠤᠯᠤᠮᠵᠢ ᠳᠠᠩᠰᠠᠯᠠᠭᠤᠯᠤᠭᠰᠠᠨ ᠮᠠᠲ᠋ᠧᠷᠢᠶᠠᠯ ᠢ ᠬᠢᠨᠠᠮᠠᠭᠠᠢ ᠬᠢᠨᠠᠨ ᠬᠠᠷᠭᠤᠭᠤᠯᠵᠤ᠂ | ᠠᠰᠠᠭᠤᠳᠠᠯ ᠪᠠᠶᠢᠬᠤ ᠶᠢ ᠢᠯᠡᠷᠡᠭᠦᠯᠪᠡᠯ ᠴᠠᠭ ᠲᠤᠬᠠᠢ ᠳᠤᠨᠢ ᠬᠠᠷᠢᠭᠤ ᠲᠤᠰᠬᠠᠬᠤ ᠶᠢᠨ ᠬᠠᠮᠲᠤ ᠱᠠᠯᠠᠪᠳᠠᠭᠤᠯᠤᠨ | ᠰᠢᠢᠳᠪᠦᠷᠢᠯᠡᠭᠦᠯᠬᠦ ᠬᠡᠷᠡᠭᠲᠡᠢ᠃ | ᠲᠣᠮᠢᠯᠠᠭᠰᠠᠨ ᠪᠠᠶᠢᠭᠤᠯᠤᠮᠵᠢ ᠨᠢ ᠲᠣᠮᠢᠯᠠᠭᠰᠠᠨ ᠪᠠᠶᠢᠭᠤᠯᠭ᠎ᠠ ᠳᠤ ᠳᠠᠩᠰᠠᠯᠠᠭᠤᠯᠤᠨ ᠬᠢᠨᠠᠯᠲᠠ ᠲᠠᠯᠪᠢᠭᠰᠠᠨ | ᠪᠠᠶᠢᠳᠠᠯ ᠤᠨ ᠲᠤᠰᠬᠠᠢ ᠮᠡᠳᠡᠭᠦᠯᠦᠯᠲᠡ ᠶᠢ ᠣᠨ ᠢᠶᠠᠷ ᠮᠡᠳᠡᠭᠦᠯᠦᠨ ᠬᠦᠷᠭᠡᠬᠦ ᠬᠡᠷᠡᠭᠲᠡᠢ᠂ ᠴᠢᠬᠤᠯᠠᠲᠠᠢ ᠦᠶ᠎ᠡ ᠳᠤ ᠴᠠᠭ | ᠲᠤᠬᠠᠢ ᠳᠤᠨᠢ ᠮᠡᠳᠡᠭᠦᠯᠵᠦ ᠪᠣᠯᠣᠨ᠎ᠠ᠃ | ᠨᠠᠮ ᠤᠨ ᠲᠥᠪ ᠬᠤᠷᠢᠶ᠎ᠠ ᠪᠤᠶᠤ ᠲᠤᠰ ᠱᠠᠲᠤᠨ ᠤ ᠣᠷᠣᠨ ᠨᠤᠲᠤᠭ ᠤᠨ ᠨᠠᠮ ᠤᠨ ᠬᠤᠷᠢᠶ᠎ᠠ ᠳᠤ | ᠳᠠᠩᠰᠠᠯᠠᠭᠤᠯᠤᠭᠰᠠᠨ ᠨᠠᠮ ᠤᠨ ᠭᠡᠰᠢᠭᠦᠨ ᠺᠠᠳ᠋ᠷ ᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠭᠦᠭᠰᠡᠨ ᠪᠠᠶᠢᠪᠠᠯ᠂ | ᠨᠠᠮ ᠤᠨ ᠤᠳᠤᠷᠢᠳᠬᠤ ᠳᠤᠭᠤᠶᠢᠯᠠᠩ ᠲᠣᠭᠲᠠᠭᠠᠯ ᠶᠣᠰᠣᠭᠠᠷ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ | ᠥᠭᠭᠦᠭᠰᠡᠨ ᠲᠣᠭᠲᠠᠭᠠᠯ ᠢ ᠲᠥᠪ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠪᠤᠶᠤ ᠲᠤᠰ ᠱᠠᠲᠤᠨ ᠤ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠮᠡᠳᠡᠭᠳᠡᠬᠦ ᠬᠡᠷᠡᠭᠲᠡᠢ᠃ | ᠠᠷᠪᠠᠨ ᠬᠤᠶᠠᠳᠤᠭᠠᠷ ᠵᠦᠢᠯ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠨᠢ ᠣᠷᠣᠨ | ᠨᠤᠲᠤᠭ ᠲᠤ ᠪᠠᠶᠢᠨ᠎ᠠ᠂ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠨᠢ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠳᠤ ᠪᠠᠶᠢᠭ᠎ᠠ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠶᠢ | ᠵᠥᠷᠢᠴᠡᠭᠰᠡᠨ ᠬᠡᠷᠡᠭ ᠢ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠠᠴᠠ ᠬᠡᠷᠡᠭ ᠪᠣᠯᠭᠠᠨ ᠳᠠᠩᠰᠠᠯᠠᠵᠤ ᠬᠢᠨᠠᠨ | ᠪᠠᠶᠢᠴᠠᠭᠠᠭᠰᠠᠨ ᠪᠠᠶᠢᠪᠠᠯ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ | ᠨᠠᠮ ᠤᠨ ᠭᠡᠰᠢᠭᠦᠨ ᠳᠤ ᠰᠢᠢᠳᠬᠡᠯ ᠥᠭᠬᠦ ᠤᠴᠢᠷ ᠶᠠᠪᠤᠳᠠᠯ ᠢ ᠶᠠᠷᠢᠯᠴᠠᠨ ᠲᠣᠭᠲᠠᠭᠠᠬᠤ ᠪᠥᠭᠡᠳ ᠰᠢᠢᠳᠪᠦᠷᠢᠯᠡᠭᠰᠡᠨ | ᠦᠷ᠎ᠡ ᠳ᠋ᠦᠩ ᠢᠶᠠᠨ ᠣᠷᠣᠨ ᠨᠤᠲᠤᠭ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠵᠠᠷᠯᠠᠨ ᠮᠡᠳᠡᠭᠳᠡᠨ᠎ᠡ ︔ ᠣᠷᠣᠨ | ᠨᠤᠲᠤᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠡᠷᠡᠭ ᠪᠣᠯᠭᠠᠨ ᠲᠠᠩᠰᠠᠯᠠᠵᠤ ᠬᠢᠨᠠᠨ ᠪᠠᠶᠢᠴᠠᠭᠠᠭᠰᠠᠨ ᠪᠠᠶᠢᠪᠠᠯ | ᠣᠷᠣᠨ ᠨᠤᠲᠤᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠡᠰ ᠳᠠᠷᠠᠭᠠᠯᠠᠯ ᠶᠣᠰᠣᠭᠠᠷ ᠨᠠᠮ ᠤᠨ ᠰᠠᠬᠢᠯᠭ᠎ᠠ | ᠪᠠᠲᠤ ᠶᠢᠨ ᠰᠢᠢᠳᠬᠡᠯ ᠥᠭᠬᠦ ᠲᠣᠭᠲᠠᠭᠠᠯ ᠭᠠᠷᠭᠠᠬᠤ ᠪᠥᠭᠡᠳ ᠰᠢᠢᠳᠪᠦᠷᠢᠯᠡᠭᠰᠡᠨ ᠦᠷ᠎ᠡ ᠳ᠋ᠦᠩ ᠢᠶᠠᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠳᠤ ᠮᠡᠳᠡᠭᠳᠡᠨ᠎ᠡ᠃ | ᠡᠮᠦᠨᠡᠬᠢ ᠳᠤᠷᠠᠳᠤᠭᠰᠠᠨ ᠵᠦᠢᠯ ᠵᠤᠷᠪᠤᠰ ᠲᠤ ᠬᠤᠯᠪᠣᠭᠳᠠᠭᠰᠠᠨ ᠨᠠᠮ ᠤᠨ ᠭᠡᠰᠢᠭᠦᠨ ᠺᠠᠳ᠋ᠷᠴᠤᠳ ᠣᠷᠣᠨ | ᠨᠤᠲᠤᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠣᠷᠣᠯᠠᠭᠴᠢ ᠭᠡᠰᠢᠭᠦᠨ ᠪᠤᠶᠤ ᠣᠷᠣᠨ ᠨᠤᠲᠤᠭ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ ᠤ ᠲᠤᠰᠢᠶᠠᠯ ᠢ ᠵᠡᠷᠭᠡ ᠪᠠᠷ ᠡᠭᠦᠷᠭᠡᠯᠡᠭᠰᠡᠨ ᠪᠠᠶᠢᠪᠠᠯ᠂ ᠣᠷᠣᠨ | ᠨᠤᠲᠤᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠬᠡᠯ | ᠥᠭᠬᠦ ᠶᠢ ᠬᠢᠨᠠᠨ ᠵᠥᠪᠰᠢᠶᠡᠷᠡᠬᠦ ᠲᠡᠰ ᠳᠠᠷᠠᠭᠠᠯᠠᠯ ᠢ ᠭᠦᠢᠴᠡᠳᠬᠡᠬᠦ ᠪᠥᠭᠡᠳ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ | ᠥᠭᠬᠦ ᠲᠣᠭᠲᠠᠭᠠᠯ ᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠳᠤ | ᠬᠠᠭᠤᠯᠤᠨ ᠬᠦᠷᠭᠡᠨ᠎ᠡ᠃ ᠡᠭᠦᠨ ᠳᠤ᠂ ᠣᠷᠣᠨ ᠨᠤᠲᠤᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠡᠷᠡᠭ | ᠪᠣᠯᠭᠠᠨ ᠲᠠᠩᠰᠠᠯᠠᠵᠤ ᠬᠢᠨᠠᠨ ᠪᠠᠶᠢᠴᠠᠭᠠᠭᠰᠠᠨ ᠪᠠᠶᠢᠪᠠᠯ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ | ᠡᠷᠬᠡ ᠶᠢᠨ ᠬᠡᠪᠴᠢᠶ᠎ᠡ ᠲᠠᠢ ᠬᠠᠷᠠᠭᠠᠯᠵᠠᠭᠰᠠᠨ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠪᠤᠶᠤ ᠭᠤᠣᠯᠯᠠᠨ ᠬᠠᠮᠢᠶᠠᠷᠬᠤ | ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ | ᠨᠠᠮ ᠤᠨ ᠤᠳᠤᠷᠢᠳᠬᠤ ᠳᠤᠭᠤᠶᠢᠯᠠᠩ ᠤᠨ ᠰᠠᠨᠠᠯ ᠢ ᠬᠤᠷᠢᠶᠠᠭᠰᠠᠨ ᠤ ᠲᠠᠷᠠᠭ᠎ᠠ ᠰᠢᠢᠳᠬᠡᠯ ᠢ ᠬᠢᠨᠠᠨ ᠵᠥᠪᠰᠢᠶᠡᠷᠡᠬᠦ | ᠲᠡᠰ ᠳᠠᠷᠠᠭᠠᠯᠠᠯ ᠢ ᠭᠦᠢᠴᠡᠳᠬᠡᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠭᠡᠰᠢᠭᠦᠨ ᠳᠤ ᠰᠢᠢᠳᠬᠡᠯ | ᠥᠭᠬᠦ ᠤᠴᠢᠷ ᠶᠠᠪᠤᠳᠠᠯ ᠢ ᠶᠠᠷᠢᠯᠴᠠᠵᠤ ᠲᠣᠭᠲᠠᠭᠠᠬᠤ ᠵᠡᠷᠭᠡ ᠠᠵᠢᠯ ᠲᠠᠢ ᠤᠶᠠᠯᠳᠤᠭᠤᠯᠤᠨ᠂ ᠪᠠᠶᠢᠭᠤᠯᠤᠯ | ᠲᠣᠭᠲᠠᠴᠠ ᠶᠢᠨ ᠠᠰᠠᠭᠤᠳᠠᠯ᠂ ᠳᠦᠷᠢᠮ ᠤᠨ ᠳᠤᠲᠠᠭᠤᠳᠠᠯ ᠪᠠ ᠬᠢᠨᠠᠯᠲᠠ ᠬᠠᠮᠢᠶᠠᠷᠤᠯᠲᠠ ᠶᠢᠨ ᠳᠤᠲᠠᠭᠳᠠᠯ ᠢ | ᠪᠠᠶᠢᠴᠠᠭᠠᠨ ᠡᠷᠢᠵᠦ ᠭᠠᠷᠭᠠᠨ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠵᠤ᠂ ᠨᠠᠮ ᠢ | ᠬᠠᠮᠢᠶᠠᠷᠴᠤ ᠨᠠᠮ ᠢ ᠵᠠᠰᠠᠬᠤ ᠶᠢ ᠴᠢᠩᠭᠠᠳᠬᠠᠨ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠵᠦ᠂ | ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠡᠷᠬᠡ ᠶᠢ ᠬᠡᠷᠡᠭᠵᠢᠭᠦᠯᠬᠦ ᠶᠢ ᠵᠢᠷᠤᠮᠵᠢᠭᠤᠯᠵᠤ᠂ ᠰᠠᠬᠢᠯᠭ᠎ᠠ ᠪᠠᠲᠤ | ᠬᠠᠤᠯᠢ ᠴᠠᠭᠠᠵᠠ ᠶᠢᠨ ᠬᠥᠮᠦᠵᠢᠯ᠂ ᠰᠡᠷᠡᠮᠵᠢᠯᠡᠭᠦᠯᠭᠦ ᠬᠥᠮᠦᠵᠢᠯ ᠢ ᠴᠢᠩᠭᠠᠳᠬᠠᠨ᠂ ᠬᠡᠷᠡᠭ ᠢᠶᠠᠷ ᠲᠣᠯᠢ ᠪᠤᠯᠭᠠᠬᠤ᠂ | ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠵᠠᠰᠠᠯᠲᠠ ᠶᠢ ᠠᠬᠢᠭᠤᠯᠬᠤ ᠶᠢ ᠭᠦᠨᠵᠡᠭᠡᠶᠢᠷᠡᠭᠦᠯᠬᠦ | ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠲᠣᠮᠢᠯᠠᠭᠰᠠᠨ ᠪᠠᠶᠢᠭᠤᠯᠤᠮᠵᠢ ᠨᠢ ᠲᠣᠮᠢᠯᠠᠭᠰᠠᠨ ᠪᠠᠶᠢᠭᠤᠯᠭ᠎ᠠ ᠶᠢᠨ ᠢᠶᠠᠨ | ᠤᠳᠤᠷᠢᠳᠤᠯᠭ᠎ᠠ ᠳᠣᠣᠷ᠎ᠠ᠂ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠵᠢᠴᠢ ᠦᠨᠳᠦᠰᠦᠨ ᠱᠠᠲᠤᠨ ᠤ ᠨᠠᠮ ᠤᠨ | ᠬᠤᠷᠢᠶ᠎ᠠ᠂ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠡᠷᠡᠭ ᠢ ᠬᠢᠨᠠᠨ ᠪᠠᠶᠢᠴᠠᠭᠠᠵᠤ | ᠰᠢᠢᠳᠪᠦᠷᠢᠯᠡᠬᠦ ᠶᠠᠰᠤ ᠴᠢᠨᠠᠷ ᠢ ᠦᠨᠡᠯᠡᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ | ᠦᠨᠡᠯᠡᠨ ᠪᠠᠶᠢᠴᠠᠭᠠᠭᠰᠠᠨ ᠦᠷ᠎ᠡ ᠳ᠋ᠦᠩ ᠢ ᠬᠠᠷᠢᠭᠤ ᠲᠤᠰᠬᠠᠵᠤ᠂ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ | ᠬᠢᠬᠦ ᠶᠢ ᠱᠠᠯᠠᠪᠳᠠᠭᠤᠯᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠨᠠᠮ ᠤᠨ ᠠᠵᠢᠯ ᠤᠨ ᠪᠠᠶᠢᠭᠤᠯᠭ᠎ᠠ᠂ ᠨᠠᠮ ᠤᠨ ᠬᠤᠷᠢᠶ᠎ᠠ ᠶᠢᠨ ᠰᠢᠭᠤᠳ | ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠤᠳᠤᠷᠢᠳᠬᠤ ᠪᠠᠶᠢᠭᠤᠯᠤᠮᠵᠢ ᠨᠠᠮ ᠤᠨ ᠭᠡᠰᠢᠭᠦᠨ ᠳᠤ ᠰᠢᠢᠳᠬᠡᠯ ᠥᠭᠬᠦ | ᠤᠴᠢᠷ ᠶᠠᠪᠤᠳᠠᠯ ᠢ ᠶᠠᠷᠢᠯᠴᠠᠨ ᠲᠣᠭᠲᠠᠭᠠᠬᠤ ᠳᠤ ᠲᠤᠰ ᠲᠣᠭᠲᠠᠭᠠᠯ ᠢᠶᠠᠷ ᠯᠠᠪᠯᠠᠯᠲᠠ ᠪᠤᠯᠭᠠᠵᠤ ᠬᠡᠷᠡᠭᠵᠢᠭᠦᠯᠦᠨ᠎ᠡ᠃ | ᠠᠷᠪᠠᠨ ᠵᠢᠷᠭᠤᠳᠤᠭᠠᠷ ᠵᠦᠢᠯ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ | ᠪᠠᠶᠢᠴᠠᠭᠠᠬᠤ ᠵᠥᠪᠯᠡᠯ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠳᠤᠭᠤᠶᠢᠯᠠᠩ ᠨᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ | ᠵᠥᠪᠯᠡᠯ ᠢ ᠬᠠᠪᠰᠤᠷᠴᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ | ᠵᠥᠪᠯᠡᠯ ᠤᠨ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠳᠤᠭᠤᠶᠢᠯᠠᠩ ᠤᠨ ᠠᠵᠢᠯ ᠢ ᠵᠢᠯᠤᠭᠤᠳᠬᠤ ᠪᠠᠨ ᠴᠢᠩᠭᠠᠳᠬᠠᠵᠤ᠂ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠲᠥᠪ ᠠᠴᠠ ᠬᠠᠮᠢᠶᠠᠷᠴᠤ ᠪᠠᠶᠢᠭ᠎ᠠ ᠠᠵᠤ | ᠠᠬᠤᠶᠢᠯᠠᠯ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠲᠠᠢ ᠬᠠᠮᠵᠢᠯᠴᠠᠨ | ᠬᠤᠯᠪᠣᠭᠳᠠᠯ ᠪᠦᠬᠦᠢ ᠬᠡᠷᠡᠭ ᠢ ᠰᠢᠭᠦᠨ ᠰᠢᠢᠳᠪᠦᠷᠢᠯᠡᠬᠦ ᠠᠵᠢᠯ ᠢ ᠥᠷᠨᠢᠭᠦᠯᠬᠦ ᠳᠤ᠂ ᠲᠤᠰ ᠲᠣᠭᠲᠠᠭᠠᠯ ᠢᠶᠠᠷ | ᠯᠠᠪᠯᠠᠯᠲᠠ ᠪᠤᠯᠭᠠᠵᠤ ᠬᠡᠷᠡᠭᠵᠢᠭᠦᠯᠦᠨ᠎ᠡ᠃ | ᠣᠷᠣᠨ ᠨᠤᠲᠤᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠥᠪᠯᠡᠯ ᠲᠣᠮᠢᠯᠠᠭᠰᠠᠨ ᠦᠭᠡᠢ ᠪᠣᠯ᠂ ᠬᠤᠯᠪᠣᠭᠳᠠᠯ | ᠪᠦᠬᠦᠢ ᠬᠡᠷᠡᠭ ᠢ ᠰᠢᠭᠤᠳ ᠵᠣᠬᠢᠶᠠᠨ ᠪᠠᠶᠢᠭᠤᠯᠵᠤ ᠰᠢᠭᠦᠨ ᠰᠢᠢᠳᠪᠦᠷᠢᠯᠡᠵᠦ ᠪᠣᠯᠣᠨ᠎ᠠ᠂ ᠡᠰᠡᠬᠦᠯ᠎ᠡ ᠪᠣᠳᠠᠲᠠᠢ | ᠪᠠᠶᠢᠳᠠᠯ ᠲᠠᠢ ᠪᠠᠨ ᠤᠶᠠᠯᠳᠤᠭᠤᠯᠤᠨ ᠪᠤᠰᠤᠳ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠳᠤ | ᠡᠷᠬᠡ ᠣᠯᠭᠤᠵᠤ ᠬᠤᠯᠪᠣᠭᠳᠠᠯ ᠪᠦᠬᠦᠢ ᠬᠡᠷᠡᠭ ᠢ ᠰᠢᠭᠦᠨ ᠰᠢᠢᠳᠪᠦᠷᠢᠯᠡᠭᠦᠯᠵᠦ ᠪᠣᠯᠣᠨ᠎ᠠ᠃ | ᠠᠷᠪᠠᠨ ᠳᠣᠯᠣᠳᠤᠭᠠᠷ ᠵᠦᠢᠯ ᠲᠤᠰ ᠲᠣᠭᠲᠠᠭᠠᠯ ᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠠᠷᠢᠭᠤᠴᠠᠨ ᠲᠠᠶᠢᠯᠪᠤᠷᠢᠯᠠᠨ᠎ᠠ᠃ | ᠠᠷᠪᠠᠨ ᠨᠠᠢᠮᠠᠳᠤᠭᠠᠷ ᠵᠦᠢᠯ ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | |